ᠵᠢᠨᠢᠩ ᠲᠣᠭᠤᠷᠢᠭ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ 2022 ᠣᠨ ᠤ ᠠᠶᠤᠯᠭᠦᠢ ᠦᠢᠯᠡᠳᠪᠦᠷᠢᠯᠡᠯ ᠵᠢᠴᠢ ᠭᠠᠯ ᠤᠨᠲᠠᠷᠠᠭᠠᠬᠤ ᠪᠣᠯᠪᠠᠰᠤᠷᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
470299.jpg
      4 ᠰᠠᠷ᠎ᠠ ᠶᠢᠨ 21 ᠎ ᠤ ᠡᠳᠦᠷ᠂ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ 2022 ᠣᠨ ᠤ ᠠᠶᠤᠯᠭᠦᠢ ᠦᠢᠯᠡᠳᠪᠦᠷᠢᠯᠡᠯ ᠵᠢᠴᠢ ᠭᠠᠯ ᠤᠨᠲᠠᠷᠠᠭᠠᠬᠤ ᠪᠣᠯᠪᠠᠰᠤᠷᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃      ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠶᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠲᠤᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠢᠴᠢ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠯᠢᠦ ᠾᠧ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠳᠤᠷᠠᠳᠤᠭᠰᠠᠨ ︽ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ︾᠎ ᠶᠢ ᠤᠯᠠᠮᠵᠢᠯᠠᠵᠤ᠂ ᠪᠦᠬᠦ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂  ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠰᠡᠬᠦᠯ ᠬᠤᠷᠢᠶᠠᠬᠤ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠤᠰᠠᠳᠬᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠠᠵᠤ ᠠᠬᠤᠶᠢᠯᠠᠯ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠣᠨ ᠠᠵᠢᠯᠯᠠᠬᠤ ᠳᠦᠷᠢᠮ ᠢ ᠴᠢᠨᠠᠭᠰᠢᠳᠠ ᠵᠢᠷᠤᠮᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ᠂ ᠡᠮᠵᠡᠭ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂  ᠬᠠᠮᠢᠶᠠᠷᠤᠯᠲᠠ ᠶᠢᠨ ᠡᠵᠡᠮᠳᠡᠯ ᠢᠶᠠᠨ ᠠᠯᠳᠠᠭᠰᠠᠨ ᠠᠴᠠ ᠪᠣᠯᠵᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      ᠬᠤᠷᠠᠯ ᠳᠡᠭᠡᠷ᠎ᠡ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ᠠᠴᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠣᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠤᠬᠠᠢ ᠪᠣᠳᠠᠲᠠᠢ ᠲᠣᠬᠢᠷᠠᠭᠤᠯᠤᠯᠲᠠ ᠬᠢᠵᠡᠢ᠃  ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠬᠢᠭᠡᠳ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ︽ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾᠎ ᠳᠤ ᠭᠠᠷ ᠤᠨ ᠦᠰᠦᠭ ᠵᠢᠷᠤᠪᠠ᠃       ᠬᠤᠷᠠᠯ ᠤᠨ ᠳᠠᠷᠠᠭ᠎ᠠ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠢᠶ᠎ᠠ ᠪᠦᠬᠦᠢ ᠬᠥᠮᠥᠰ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠦᠷᠲᠡᠭᠡᠪᠡ᠃                 ᠵᠢᠷᠤᠭ᠄  ᠵᠠᠩ ᠰᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2