ᠵᠢᠨᠢᠩ ᠲᠣᠭᠤᠷᠢᠭ ᠤᠨ ᠵᠠᠰᠠᠭ ᠤᠨ ᠣᠷᠳᠣᠨ 2022 ᠣᠨ ᠤ ᠵᠢᠷᠭᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/25
470299.jpg
     4 ᠰᠠᠷ᠎ᠠ ᠶᠢᠨ 22 ᠎ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃      ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠲᠣᠭᠤᠷᠢᠭ ᠤᠨ ᠤᠳᠤᠷᠢᠳᠤᠯᠭ᠎ᠠ ᠶᠤᠤ ᠬᠠᠢ ᠮᠢᠩ᠂  ᠡᠾᠧ ᠷᠦᠨ ᠭᠧᠨ᠂ ᠸᠠᠩ ᠯᠢ ᠰᠢᠨ᠂ ᠭᠦᠸᠧ ᠬᠤᠩ ᠭᠤᠸᠠᠩ᠂ ᠶᠠᠩ ᠶᠦᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ  ᠹᠸᠡᠭ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠵᠢᠴᠢ ᠱᠢ ᠲᠠᠢ ᠹᠸᠡᠭ ᠪᠤᠭᠤᠲᠤ ᠶᠢᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠎ ᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠵᠤ ᠬᠢᠨᠠᠨ ᠬᠠᠷᠭᠤᠭᠤᠯᠬᠤ ᠶᠢ  ᠰᠠᠶᠢᠲᠤᠷ ᠠᠳᠬᠤᠵᠤ᠂ ᠠᠰᠠᠭᠤᠳᠠᠯ ᠢ ᠲᠤᠶᠢᠯᠪᠤᠷᠢᠲᠠᠢ ᠥᠭᠡᠷᠡᠴᠢᠯᠡᠵᠦ᠂ ᠪᠣᠳᠠᠲᠠᠢ ᠳᠤ ᠬᠦᠷᠲᠡᠯ᠎ᠡ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠮᠡᠳᠡᠮᠡᠭᠴᠡ ᠳᠠᠷᠤᠶᠢᠬᠠᠨ ᠥᠭᠡᠷᠡᠴᠢᠯᠡᠵᠦ᠂  ᠲᠤᠭᠤᠷᠢᠭ ᠤᠨ ᠱᠠᠲᠤᠨ ᠤ ᠬᠡᠷᠡᠭ ᠳᠠᠭᠠᠭᠠᠴᠢᠯᠠᠬᠤ ᠤᠳᠤᠷᠢᠳᠤᠯᠭ᠎ᠠ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ ᠲᠣᠬᠢᠷᠠᠭᠤᠯᠵᠤ᠂ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠯᠪᠣᠭᠳᠠᠯ ᠪᠦᠬᠦᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠪᠣᠳᠠᠲᠠᠢ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠪᠣᠯᠣᠨ ᠤᠯᠠᠨ ᠲᠦᠮᠡᠨ ᠤ ᠳᠡᠷᠭᠡᠳᠡᠬᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠨᠥᠯᠥᠭᠡᠯᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ︽ᠰᠢᠯᠭᠠᠭᠤᠷ︾ ᠪᠠᠶᠢᠵᠤ᠂ ᠶᠡᠭᠡ ᠲᠠᠯ᠎ᠠ ᠶᠢᠨ ᠲᠣᠭᠲᠠᠭᠤᠨ᠂ ᠥᠭᠡᠷᠡᠴᠢᠯᠡᠯᠲᠡ ᠬᠥᠭᠵᠢᠯᠲᠡ ᠪᠣᠯᠣᠨ ᠤᠯᠠᠨ ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠎ ᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠨ᠎ᠡ ᠱᠠᠭᠠᠷᠳᠠᠯᠭ᠎ᠠ ᠶᠢ ᠡᠵᠡᠮᠳᠡᠨ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠶᠢ ᠲᠤᠪᠤᠶᠢᠯᠭᠠᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠢᠨ᠎ᠡ ᠴᠠᠭ ᠦᠶ᠎ᠡ ᠶᠢᠨ  ᠹᠸᠡᠭ ᠴᠢᠶᠤᠤ ᠶᠢᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠤᠳᠤᠷᠢᠳᠬᠤ ᠺᠠᠳ᠋ᠷ ᠤᠨ ᠰᠣᠷᠪᠤᠯᠵᠢᠯᠠᠭ᠎ᠠ ᠬᠦᠯᠢᠶᠡᠬᠦ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃      ᠬᠤᠷᠠᠯ ᠠᠴᠠ ᠤᠯᠠᠭᠠᠨᠴᠠᠪ ᠬᠤᠳᠠ ᠶᠢᠨ ᠲᠣᠭᠤᠷᠢᠭ ᠬᠡᠯᠪᠡᠷᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠵᠦ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠪᠣᠯᠣᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠠᠷᠤᠳᠠᠯ ᠪᠣᠯᠣᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠲᠣᠷᠭᠠᠭᠤᠯᠢ ᠶᠢᠨ ᠵᠣᠭᠤᠰ ᠢ ᠨᠡᠬᠡᠮᠵᠢᠯᠡᠨ ᠲᠤᠰᠢᠶᠠᠯᠭᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃     ᠬᠤᠷᠠᠯ ᠠᠴᠠ᠂ ᠤᠯᠠᠭᠠᠨᠴᠠᠪ ᠬᠤᠳᠠ ᠶᠢᠨ ᠣᠷᠴᠢᠨ ᠲᠣᠭᠤᠷᠢᠨ ᠤ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠪᠣᠯ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠠᠷᠠᠳ ᠤᠯᠠᠨ ᠤ ᠡᠷᠡᠭᠦᠯ ᠮᠡᠨᠳᠤ ᠪᠠ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠭᠤᠯᠭ᠎ᠠ ᠪᠣᠯᠣᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠢᠶᠠᠨ ᠠᠬᠢᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢᠶᠠᠨ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠦᠷᠦ ᠶᠢᠨ ᠪᠣᠳᠣᠯᠭ᠎ᠠ᠂ ᠳᠦᠷᠦᠯ ᠵᠦᠢᠯ ᠵᠡᠷᠭᠡ ᠲᠠᠯ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠳᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠤᠷᠠᠯ ᠠᠴᠠ ᠶᠠᠷᠢᠯᠴᠠᠭᠰᠠᠨ ᠰᠠᠨᠠᠯ ᠢ ᠨᠠᠷᠢᠨ ᠬᠢᠨᠠᠮᠠᠭᠠᠢ ᠭᠥᠯᠢᠶᠡᠨ ᠠᠪᠴᠤ᠂ ᠵᠥᠪᠯᠡᠬᠦ ᠰᠡᠳᠦᠪ ᠤᠨ ᠲᠥᠰᠥᠯ ᠤᠨ ᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠳᠬᠢᠴᠡ ᠶᠢᠨ ᠪᠠᠶᠢᠷᠢ ᠲᠣᠭᠲᠠᠭᠠᠯᠲᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠬᠡᠷᠡᠭᠵᠢᠭᠦᠯᠬᠦ ᠠᠷᠭ᠎ᠠ ᠵᠠᠮ ᠪᠠ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃                     ᠵᠢᠷᠤᠭ᠄ ᠴᠢᠶᠤᠤ   ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2