ᠵᠢᠨᠢᠩ ᠲᠣᠭᠤᠷᠢᠭ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
470315.jpg
      4 ᠳ᠋ᠦ᠋ᠭᠡᠷ ᠰᠠᠷ᠎ᠠ ᠶᠢᠨ 23᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠪᠠ ᠬᠡᠷᠡᠭ ᠳᠠᠭᠠᠭᠠᠴᠢᠯᠠᠬᠤ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠰᠢᠢᠳᠪᠦᠷᠢᠯᠡᠬᠦ ᠲᠥᠰᠥᠯ ᠢ ᠶᠠᠷᠢᠯᠴᠠᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ ᠯᠢ ᡁᠢ ᠭᠠᠩ᠂ ᠶᠠᠩ ᠶᠦᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ  ᠵᠢᠭᠠᠭᠰᠠᠨ ᠨᠢ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠮᠥᠨ ᠪᠥᠭᠡᠳ ᠪᠠᠰᠠ ᠴᠤ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠠᠪᠤᠳᠠᠯ ᠮᠥᠨ᠂ ᠨᠡᠩ ᠴᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠭᠰᠢᠭᠦᠷᠢ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠤᠳᠠᠭᠠᠰᠢᠷᠠᠭᠤᠯᠵᠤ ᠪᠣᠯᠣᠰᠢ ᠦᠭᠡᠢ ᠲᠦᠭᠰᠢᠭᠦᠷᠢᠲᠦ ᠰᠡᠳᠬᠢᠯᠭᠡ᠂ ᠬᠦᠯᠢᠶᠡᠵᠦ ᠪᠣᠯᠣᠰᠢ ᠦᠭᠡᠢ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠣᠰᠢ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠲᠥᠷᠥᠯ ᠤᠨ ᠠᠰᠠᠭᠤᠳᠠᠯ ᠢ ᠳᠠᠬᠢᠨ ᠡᠮᠬᠢᠯᠡᠨ᠂ ᠳᠠᠬᠢᠨ ᠨᠠᠷᠢᠯᠢᠭᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠣᠯᠠᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ  ᠲᠤᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠨᠢᠭᠡᠨᠲᠡ ︽ᠪᠡᠷᠬᠡ ᠠᠰᠠᠭᠤᠳᠠᠯ ᠢ ᠰᠢᠢᠳᠪᠦᠷᠢᠯᠡᠬᠦ︾ ᠰᠢᠪᠲᠤᠯᠤᠯᠲᠠ ᠶᠢᠨ ᠬᠤᠭᠤᠴᠠᠭᠠᠨ ᠳᠤ ᠣᠷᠣᠵᠤ᠂ ᠡᠯ᠎ᠡ ᠲᠥᠷᠥᠯ ᠵᠦᠢᠯ ᠤᠨ ᠬᠡᠷᠡᠭ ᠳᠠᠭᠠᠭᠠᠴᠢᠯᠠᠬᠤ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠢᠨ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨᠬᠦ ᠠᠳᠬᠤᠵᠤ᠂ ᠴᠠᠭ ᠢᠮᠠᠭᠲᠠ ᠠᠰᠠᠭᠤᠵᠤ᠂ ᠴᠠᠭ ᠢᠮᠠᠭᠲᠠ ᠰᠤᠳᠤᠯᠵᠤ᠂ ᠴᠠᠭ ᠲᠤᠬᠠᠢ ᠳᠤᠨᠢ ᠲᠣᠬᠢᠷᠠᠭᠤᠯᠤᠨ᠂ ᠬᠦᠴᠦ ᠪᠠᠨ ᠲᠥᠪᠯᠡᠷᠡᠭᠦᠯᠦᠨ᠂ ᠲᠡᠦᠬᠡ ᠶᠢ ᠬᠦᠨᠳᠦᠳᠬᠡᠬᠦ᠂ ᠬᠠᠤᠯᠢ ᠲᠣᠭᠲᠠᠭᠠᠯ ᠢ ᠵᠢᠷᠤᠮᠯᠠᠬᠤ ᠵᠠᠷᠴᠢᠮ ᠢ ᠢᠮᠠᠭᠲᠠ ᠪᠠᠷᠢᠮᠲᠠᠯᠠᠵᠤ᠂ ᠵᠥᠷᠢᠴᠡᠯ ᠢ ᠬᠦᠴᠦᠯᠡᠨ ᠠᠷᠢᠯᠭᠠᠵᠤ᠂ ᠡᠴᠦᠰ ᠤᠨ ᠵᠠᠩᠭᠢᠷᠠᠭ᠎ᠠ ᠶᠢ ᠠᠯᠳᠠᠷᠠᠭᠠᠨ᠂ ᠲᠥᠷᠥᠯ ᠵᠦᠢᠯ ᠢ ᠠᠮᠢᠯᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠦᠯᠡᠳᠡᠭᠡᠯ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠢ ᠬᠤᠷᠢᠭᠯᠠᠨ᠂ ᠡᠯ᠎ᠡ ᠲᠥᠷᠥᠯ ᠵᠦᠢᠯ ᠢ ᠪᠦᠬᠦᠨ ᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠤᠯᠠᠨ ᠲᠦᠮᠡᠨ ᠲᠠᠢ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠠᠨᠢᠯᠴᠠᠭᠤᠯᠵᠤ᠂ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠤ ᠣᠶᠢᠯᠠᠭᠠᠯᠲᠠ ᠪᠠ ᠵᠥᠪᠰᠢᠶᠡᠷᠡᠯ ᠢ ᠣᠯᠬᠤ ᠬᠡᠷᠡᠭᠲᠡᠢ᠃ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠰᠤᠳᠤᠯᠤᠨ ᠮᠠᠭᠠᠳᠯᠠᠵᠤ ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠰᠠᠯᠠᠭ᠎ᠠ ᠮᠥᠴᠢᠷ ᠤᠨ ᠬᠠᠷᠢᠯᠴᠠᠨ ᠬᠠᠮᠵᠢᠯᠴᠠᠬᠤ᠂ ᠢᠳᠡᠪᠬᠢᠲᠡᠢ ᠨᠠᠶᠢᠳᠠᠪᠤᠷᠢᠵᠢᠭᠤᠯᠬᠤ᠂ ᠬᠤᠯᠪᠤᠭᠠᠯᠠᠨ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠬᠠᠮᠤᠭ ᠤᠨ ᠲᠦᠷᠭᠡᠨ ᠬᠤᠷᠳᠤᠴᠠ ᠪᠠᠷ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃                         ᠵᠢᠷᠤᠭ᠄ ᠭᠦᠸᠧ ᠸᠧᠨ ᠵᠢᠶᠧ                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2