ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠨᠢᠩ ᠲᠣᠭᠤᠷᠢᠭ ᠲᠤ ︽ᠤᠯᠠᠭᠠᠨᠴᠠᠪ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠎ ᠳᠤ ᠵᠠᠰᠠᠪᠤᠷᠢ ᠣᠷᠣᠭᠤᠯᠬᠤ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/4/27
1.jpg
      4 ᠰᠠᠷ᠎ᠠ ᠶᠢᠨ 18᠎ ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠠᠩ ᠵᠠᠨ ᠫᠢᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠵᠢᠨᠢᠩ ᠲᠣᠭᠤᠷᠢᠭ ᠲᠤ ︽ᠤᠯᠠᠭᠠᠨᠴᠠᠪ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠎ ᠳᠤ ᠵᠠᠰᠠᠪᠤᠷᠢ ᠣᠷᠣᠭᠤᠯᠬᠤ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠨᠡᠶᠢᠭᠡᠮ ᠤᠨ ᠡᠯ᠎ᠡ ᠡᠲᠡᠭᠡᠳ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠤᠨ ᠬᠠᠤᠯᠢ ᠲᠣᠭᠲᠠᠭᠠᠬᠤ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠬᠤᠷᠢᠶᠠᠪᠠ᠃     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠠᠨ ᠮᠢᠩ ᠹᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠶᠠᠨ ᠵᠢᠶᠦ᠋ᠨ ᠵᠢᠴᠢ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠲᠤ ᠰᠠᠭᠤᠭ᠎ᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠳᠠᠯ ᠠᠬᠤᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠣᠯᠣᠨ ᠰᠠᠭᠤᠭᠠᠯᠢ ᠲᠣᠭᠤᠷᠢᠭ ᠤᠨ ᠠᠵᠢᠯ ᠦᠢᠯᠡᠰ ᠤᠨ ᠵᠥᠪᠯᠡᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃        ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠵᠢᠨᠢᠩ ᠲᠣᠭᠤᠷᠢᠭ ᠤᠨ ᠵᠥᠩ  ᠳ᠋ᠦᠸᠧ ᠢᠦᠢ  ᠱᠦ᠋  ᠰᠠᠭᠤᠭᠠᠯᠢ ᠲᠣᠭᠤᠷᠢᠭ᠂  ᠸᠧᠨ ᠬᠤᠸᠠ ᠰᠠᠭᠤᠭᠠᠯᠢ ᠲᠣᠭᠤᠷᠢᠭ᠂  ᠽᠧ ᠵᠢᠶᠠᠨ ᠰᠠᠭᠤᠭᠠᠯᠢ ᠲᠣᠭᠤᠷᠢᠭ᠂  ᠸᠧᠢ ᠳ᠋ᠦᠸᠧ ᠯᠢ ᠬᠤᠸᠠ ᠹᠦ᠋ ᠰᠠᠭᠤᠭᠠᠯᠢ ᠲᠣᠭᠤᠷᠢᠭ᠂ ᠯᠢᠶᠠᠨ ᠰᠢᠨ ᠶᠤᠸᠠᠨ  ᠰᠠᠭᠤᠭᠠᠯᠢ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ  ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠵᠢᠴᠢ ᠰᠦᠢᠳᠬᠡᠯ ᠬᠤᠷᠢᠶᠠᠬᠤ ᠪᠠᠷᠢᠮᠵᠢᠶ᠎ᠠ᠂ ᠠᠵᠢᠯ ᠲᠥᠷᠥᠯ ᠤᠨ ᠵᠥᠪᠯᠡᠯ ᠤᠨ ᠪᠠᠶᠢᠭᠤᠯᠤᠯᠲᠠ ᠵᠢᠴᠢ ᠠᠵᠢᠯᠯᠠᠭᠠᠨ᠂ ᠣᠯᠠᠨ ᠨᠡᠶᠢᠲᠡ ᠶᠢᠨ ᠣᠷᠣᠨ ᠪᠦᠰᠡ ᠶᠢᠨ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠢᠯᠡᠴᠢᠯᠡᠭᠡᠨ ᠤ ᠶᠠᠪᠤᠴᠠ ᠳᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠬᠡᠷᠬᠢᠨ ᠨᠠᠩ ᠰᠠᠶᠢᠨ ᠪᠠᠳᠠᠷᠠᠭᠤᠯᠬᠤ᠂ ᠠᠵᠢᠯ ᠲᠥᠷᠥᠯ ᠤᠨ ᠦᠢᠯᠡᠴᠢᠯᠡᠭᠡ ᠶᠢ ᠰᠠᠶᠢᠲᠤᠷ ᠬᠢᠬᠦ ᠵᠡᠷᠭᠡ ᠠᠭᠤᠯᠭ᠎ᠠ ᠶᠢᠨ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠶᠠᠷᠢᠯᠴᠠᠬᠤ ᠬᠤᠷᠠᠯ ᠳᠡᠭᠡᠷ᠎ᠡ᠂ ᠵᠦ ᠶᠠᠨ ᠵᠢᠶᠦ᠋ᠨ ᠵᠢᠨᠢᠩ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ ᠃ ᠬᠤᠷᠠᠯ ᠳᠤ ᠣᠷᠣᠯᠴᠠᠭᠰᠠᠳ ︽ᠤᠯᠠᠭᠠᠨᠴᠠᠪ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠎ ᠢ ᠬᠡᠷᠡᠭᠵᠢᠭᠦᠯᠦᠭᠰᠡᠨ ᠪᠠᠶᠢᠳᠠᠯ ᠤᠨ ᠲᠣᠭᠤᠷᠢᠨ ᠳᠤ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠪᠠ ᠪᠡᠶ᠎ᠡ ᠪᠠᠷ ᠢᠶᠠᠨ ᠣᠷᠤᠯᠴᠠᠬᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠨᠠᠯ ᠢᠶᠠᠨ ᠭᠦᠨᠵᠡᠭᠡᠢ ᠰᠣᠯᠢᠯᠴᠠᠪᠠ᠃
2.jpg
       ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠠᠳᠠᠯ ᠠᠬᠤᠢ ᠶᠢᠨ ᠬᠠᠮᠢᠶᠠᠷᠤᠯᠲᠠ ᠨᠢ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠳᠦᠷᠢᠮ ᠳᠤ ᠵᠠᠰᠠᠪᠤᠷᠢ ᠣᠷᠣᠭᠤᠯᠬᠤ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠪᠠ ᠬᠤᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠬᠢᠷᠢ ᠲᠦᠪᠰᠢᠨ ᠲᠠᠢ ᠬᠤᠯᠪᠣᠭᠳᠠᠵᠤ ᠪᠠᠶᠢᠳᠠᠭ ᠪᠣᠯᠬᠤᠷ ᠨᠡᠶᠢᠭᠡᠮ ᠲᠣᠭᠤᠷᠢᠭ ᠤᠨ ᠵᠠᠰᠠᠯᠲᠠ ᠶᠢᠨ ᠳᠤᠮᠳᠠᠬᠢ ᠲᠤᠲᠠᠭᠳᠠᠵᠤ ᠪᠣᠯᠣᠰᠢ ᠦᠭᠡᠢ ᠨᠢᠭᠡᠨ ᠴᠢᠬᠤᠯᠠ ᠭᠤᠭᠴᠤᠭ᠎ᠠ ᠮᠥᠨ᠃ ᠲᠤᠰ ᠤᠳᠠᠭᠠᠨ ᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠬᠤᠷᠢᠶᠠᠩᠭᠤᠶᠢᠯᠠᠵᠤ᠂ ᠨᠠᠷᠢᠨ ᠨᠢᠮᠪᠠᠢ ᠡᠮᠬᠢᠯᠡᠵᠦ᠂ ᠭᠦᠨᠵᠡᠭᠡᠢ ᠰᠤᠳᠤᠯᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠭᠤᠣᠯ ᠰᠢᠵᠢᠮ ᠢ ᠴᠢᠩᠭ᠎ᠠ ᠠᠳᠬᠤᠵᠤ᠂ ᠥᠮᠴᠢᠲᠡᠨ ᠤ ᠵᠥᠪᠯᠡᠯ ᠢ ᠪᠠᠶᠢᠭᠤᠯᠬᠤ ᠳᠤ ᠬᠦᠴᠢᠷ᠂ ᠬᠠᠭᠤᠴᠢᠨ  ᠰᠠᠭᠤᠭᠠᠯᠢ ᠲᠣᠭᠤᠷᠢᠭ ᠢ ᠰᠡᠯᠪᠢᠨ ᠵᠠᠰᠠᠬᠤ ᠳᠤ ᠬᠦᠴᠢᠷ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠬᠦᠴᠢᠷ ᠵᠡᠷᠭᠡ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠳᠦᠷᠢᠮ ᠪᠣᠯᠣᠨ ᠲᠣᠭᠲᠠᠴᠠ ᠶᠢᠨ ᠰᠢᠨ᠎ᠡ  ᠶᠢ ᠡᠭᠦᠳᠬᠦ  ᠶᠢ ᠦᠷᠭᠦᠯᠵᠢᠯᠡᠨ ᠴᠢᠩᠭᠠᠳᠬᠠᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠰᠢᠨᠵᠢᠯᠡᠬᠦ ᠤᠬᠠᠭᠠᠨᠴᠢ ᠪᠠᠷ ᠰᠢᠩᠭᠡᠬᠡᠨ ᠠᠪᠴᠤ᠂ ︽ᠤᠯᠠᠭᠠᠨᠴᠠᠪ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠎ ᠤᠨ ᠠᠭᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠵᠠᠰᠠᠵᠤ᠂ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠳᠠᠬᠢ ᠦᠨ᠎ᠡ ᠲᠣᠭᠲᠠᠭᠠᠬᠤ ᠪᠠ ᠰᠦᠢᠳᠬᠡᠯ ᠬᠤᠷᠢᠶᠠᠬᠤ᠂ ᠥᠮᠴᠢᠲᠡᠨ ᠤ ᠡᠷᠬᠡ ᠠᠰᠢᠭ ᠪᠠ ᠠᠳᠠᠯ ᠠᠬᠤᠢ ᠶᠢᠨ ᠡᠭᠦᠷᠭᠡ᠂ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠬᠠᠤᠯᠢ ᠲᠣᠭᠲᠠᠭᠠᠯ ᠢ ᠨᠠᠩ ᠢᠯᠡᠭᠦᠦ ᠣᠯᠠᠨ ᠲᠦᠮᠡᠨ ᠲᠠᠢ ᠣᠶᠢᠷᠠᠲᠤᠭᠤᠯᠵᠤ᠂ ᠨᠠᠩ ᠢᠯᠡᠭᠦᠦ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠳᠦᠷᠢᠮ ᠢ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠵᠤ᠂ ᠬᠠᠤᠯᠢ ᠲᠣᠭᠲᠠᠭᠠᠯᠲᠠ ᠶᠢᠨ ᠶᠠᠰᠤ ᠴᠢᠨᠠᠷ ᠢ ︽ᠵᠢᠷᠤᠮᠯᠠᠬᠤ ᠬᠠᠤᠯᠢ ᠲᠠᠢ︾ ᠪᠠᠶᠢᠭᠰᠠᠨ ᠠᠴᠠ ︽ᠰᠠᠶᠢᠨ ᠬᠠᠤᠯᠢ ᠪᠠᠷ ᠴᠢᠳᠠᠮᠠᠭᠠᠢ ᠪᠠᠷ ᠵᠠᠰᠠᠬᠤ︾ ᠳᠠᠰᠢ ᠤᠷᠤᠭᠰᠢᠯᠠᠭᠤᠯᠬᠤ ᠶᠢ ᠪᠡᠶᠡᠯᠡᠭᠦᠯᠦᠨ᠎ᠡ  ᠭᠡᠵᠡᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2