2022 ᠣᠨ ᠳᠤ ᠲᠡᠭᠦᠰᠬᠦ ᠣᠶᠣᠳᠠᠳ ᠠᠩᠬᠠᠷ
ᠨᠡᠶᠢᠲᠡᠯᠡᠭᠰᠡᠨ ᠴᠠᠭ᠄
2022/4/7
         2022 ᠣᠨ ᠤ ᠪᠥᠬᠦ  ᠤᠯᠤᠰ ᠤᠨ  ᠡᠩ ᠤᠨ  ᠶᠡᠭᠡ  ᠳᠡᠭᠡᠳᠦ  ᠰᠤᠷᠭᠠᠭᠤᠯᠢ ᠠᠴᠠ  ᠲᠡᠭᠦᠰᠦᠭᠰᠡᠨ  ᠣᠶᠣᠳᠠᠨ1076 ᠲᠦᠮᠡ ᠳᠤ ᠬᠦᠷᠴᠦ᠂ ᠣᠳᠣᠬᠠᠨ ᠳᠤ ᠤᠯᠤᠰ ᠤᠨ ᠳᠣᠲᠣᠭᠠᠳᠤ ᠳᠤ ᠬᠢᠵᠢᠭ ᠣᠯᠠᠨ ᠭᠠᠵᠠᠷ ᠲᠤ ᠲᠠᠷᠬᠠᠵᠤ᠂  ᠠᠵᠤ‌ᠠᠬᠤᠢ ᠶᠢᠨ ᠪᠠᠭᠤᠷᠠᠬᠤ ᠳᠠᠷᠤᠯᠲᠠ ᠨᠡᠮᠡᠭᠳᠡᠵᠦ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ  ᠪᠣᠯᠵᠤ᠂  ᠶᠡᠭᠡ  ᠳᠡᠭᠡᠳᠦ‌‍ᠰᠤᠷᠭᠠᠭᠤᠯᠢ ᠲᠡᠭᠦᠰᠦᠭᠰᠡᠨ ᠣᠶᠣᠳᠠᠳ ᠤᠨ ᠠᠵᠢᠯ ᠣᠯᠭᠤᠯᠲᠠ ᠶᠢᠨ  ᠪᠠᠶᠢᠳᠠᠯ  ᠪᠤᠳᠤᠯᠢᠶᠠᠨᠲᠠᠢ  ᠪᠥᠭᠡᠳ  ᠬᠦᠨᠳᠦ  ᠬᠡᠴᠡᠭᠦᠦ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ  ᠠᠬᠢᠭᠤᠯᠬᠤ ᠶᠢᠨ  ᠲᠥᠯᠥᠭᠡ᠂  ᠰᠤᠷᠭᠠᠨ‌‍ᠬᠥ᠋ᠮᠦᠵᠢᠯ ᠤᠨ ᠶᠠᠮᠤᠨ ᠤᠨ ᠬᠢᠨ ︽ᠤᠯᠤᠰ ᠤᠨ  24365  ᠣᠶᠤᠲᠠᠳ ᠤᠨ  ᠠᠵᠢᠯ  ᠣᠯᠭᠤᠯᠲᠠ ᠶᠢᠨ  ᠦᠢᠯᠡᠴᠢᠯᠡᠭᠡᠨ ‍ᠦ‌‍ᠲ᠋ᠠᠪᠴᠠᠩ︾᠎ ᠢ ᠰᠢᠨᠡᠴᠢᠯᠡᠵᠦ ᠪᠠᠶᠢᠭᠤᠯᠪᠠ᠃ ᠣᠳᠣᠬᠠᠨ ᠳᠤ᠂ ᠲᠤᠰ ᠲᠠᠪᠴᠠᠩ ᠳᠤ ᠨᠢᠭᠡᠨᠲᠡ ᠨᠡᠯᠢᠶᠡᠳ ᠲᠣᠭᠠᠨ ᠤ  ᠠᠵᠢᠯ ‍ᠤᠨ‌‍ᠪᠠᠶᠢᠷᠢ ᠶᠢ ᠳᠠᠩᠰᠠᠯᠠᠭᠤᠯᠤᠭᠠᠳ ᠪᠠᠶᠢᠨ᠎ᠠ᠃       2022 ᠣᠨ ᠤ ᠲᠡᠭᠦᠰᠬᠦ ᠰᠤᠷᠤᠭᠴᠢᠳ ᠲᠤ ᠬᠠᠨᠳᠤᠭᠤᠯᠤᠨ᠂  380  ᠭᠠᠷᠤᠢ‌‍ᠲ᠋ᠦ᠋ᠮᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠪᠠ᠃ ᠲᠣᠰ ᠲᠠᠪᠴᠠᠩ ᠳᠤ ᠣᠲᠣ ᠶᠠᠭ  ︽2022  ᠣᠨ ‍ᠤ‌‍ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠦᠯᠵᠢᠶ᠎ᠡ ᠪᠠᠷ ᠠᠵᠢᠯᠲᠠᠨ ᠡᠯᠰᠡᠬᠦ︾  ︽24365  ᠰᠤᠷᠭᠠᠭᠤᠯᠢ ᠵᠢᠨ‌‍ᠬᠦ᠋ᠷᠢᠶᠡᠨ ᠤ ᠠᠵᠢᠯᠲᠠᠨ ᠡᠯᠰᠡᠬᠦ ᠦᠢᠯᠡᠴᠢᠯᠡᠭᠡ ︱ ᠱᠠᠨᠰᠢ ᠶᠢᠨ ᠲᠤᠰᠬᠠᠢ ᠲᠠᠯᠠᠪᠤᠷ︾ ᠵᠡᠷᠭᠡ  ᠲᠠᠪᠤᠨ  ᠲᠠᠯᠠᠪᠤᠷ  ᠠᠵᠢᠯᠲᠠᠨ‌ᠡᠯᠰᠡᠬᠦ ᠴᠤᠭᠯᠠᠭᠠᠨ ᠢ ᠡᠷᠭᠢᠯᠡᠵᠦ ᠪᠣᠶ᠃ ︽ᠢᠨᠲ᠋ᠧᠷ ᠰᠦᠯᠵᠢᠶ᠎ᠡ + ᠠᠵᠢᠯ ᠣᠯᠭᠤᠯᠲᠠ ᠶᠢᠨ ᠵᠢᠯᠣᠭᠤᠳᠤᠯᠭ᠎ᠠ︾᠎ ᠶᠢᠨ  ᠰᠢᠭᠤᠳ‌ᠨᠡᠪᠲᠡᠷᠡᠭᠦᠯᠭᠡ ᠶᠢᠨ ᠬᠢᠴᠢᠶᠡᠯ ᠢ ᠨᠢᠭᠡᠨᠲᠡ 91 ᠬᠤᠭᠤᠴᠠᠭ᠎ᠠ ᠰᠦᠯᠵᠢᠶᠡᠨ ᠳᠤ ᠣᠷᠣᠭᠤᠯᠵᠤ᠂ ᠠᠵᠢᠯ ᠣᠯᠭᠤᠯᠲᠠ ᠶᠢᠨ ᠪᠠᠶᠢᠳᠠᠯ‌‍ᠬᠢᠭᠡᠳ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠵᠠᠳᠠᠯᠤᠯᠲᠠ᠂ ᠠᠵᠢᠯ  ᠡᠷᠢᠬᠦ  ᠤᠷ᠎ᠠ  ᠮᠡᠷᠭᠡᠵᠢᠯ  ᠵᠡᠷᠭᠡ  ᠠᠭᠤᠯᠭ᠎ᠠ ᠶᠢ ᠬᠠᠮᠤᠷᠴᠠᠢ᠃           ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2