ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 4  ᠳ᠋ᠦ᠋ᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/23
705470.jpg
      5 ᠰᠠᠷ᠎ᠠ ᠶᠢᠨ 20᠎ ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠤᠭᠤᠷᠢᠭ ᠤᠨ ᠬᠤᠷᠢᠶ᠎ᠠ ᠶᠢᠨ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠵᠢᠴᠢ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 4  ᠳ᠋ᠦ᠋ᠭᠡᠷ ᠤᠳᠠᠭ᠎ᠠ ᠶᠢᠨ ᠬᠤᠷᠠᠯ  ᠢ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ 4 ᠰᠠᠷ᠎ᠠ ᠶᠢᠨ 29᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠨᠠᠢᠮᠠᠳᠤᠭᠠᠷ ᠤᠳᠠᠭᠠᠨ ᠤ  ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠦᠨᠡᠨ︾ ᠰᠡᠳᠬᠦᠯ ᠤᠨ 2022 ᠣᠨ ᠤ 10 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ︽ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠵᠥᠪ ᠢᠶᠠᠷ ᠲᠠᠨᠢᠵᠤ ᠡᠵᠡᠮᠰᠢᠬᠦ ᠬᠡᠷᠡᠭᠲᠡᠶ︾ ᠭᠡᠬᠦ ᠴᠢᠬᠤᠯᠠ ᠵᠣᠬᠢᠶᠠᠯ ᠂ ᠰᠢ ᠶᠢᠨ ᠫᠢᠩ ᠶᠡᠷᠦᠩᠬᠡᠶ ᠱᠦᠵᠢ ᠶᠢᠨ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠰᠦᠪᠡᠨ ᠪᠠᠷᠢᠭᠰᠠᠨ ᠬᠡᠷ ᠪᠠᠶᠢᠰᠢᠩ ᠨᠤᠷᠠᠭᠰᠠᠨ ᠠᠳᠡᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ 5 ᠰᠠᠷ᠎ᠠ ᠶᠢᠨ 5᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠣᠳᠣᠬᠠᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠪᠠᠶᠢᠳᠠᠯ᠂ ᠠᠵᠤ ᠠᠬᠤᠶ ᠶᠢᠨ ᠪᠠᠶᠢᠳᠠᠯ ᠪᠠ ᠠᠵᠤ ᠠᠬᠤᠶ ᠶᠢᠨ ᠠᠵᠢᠯ ᠢ ᠵᠠᠳᠠᠯᠵᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠎ ᠤᠨ ᠤᠶᠢᠷ᠎ᠠ ᠶᠢᠨ ᠬᠤᠭᠤᠴᠠᠭᠠᠨ ᠳᠤ ᠭᠠᠷᠭᠠᠭᠰᠠᠨ ᠠᠯᠢ ᠤᠯᠠᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠤ ᠠᠬᠤᠢ ᠶᠢᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ  ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠣᠳᠣᠬᠠᠨ ᠤ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠳᠡᠭᠡᠷ᠎ᠡ ᠬᠠᠭᠠᠰ ᠵᠢᠯ ᠳᠤ ︽ᠬᠤᠶᠠᠷ ᠢ ᠬᠠᠭᠠᠰ ᠢᠶᠠᠷ ᠥᠩᠭᠡᠷᠡᠭᠦᠯᠬᠦ︾᠎ ᠶᠢ ᠦᠨᠡᠨᠬᠦ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠤᠭᠤᠳ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠬᠠᠭᠤᠯᠤᠨ  ᠲᠤᠭᠤᠰᠢᠯᠠᠭᠤᠯᠵᠤ᠂ ᠪᠦᠬᠦ ᠲᠤᠭᠤᠷᠢᠭ ᠤᠨ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠦᠳᠦᠯᠦᠨ ᠳᠠᠭᠠᠭᠤᠯᠵᠤ ᠪᠠᠶᠢᠭᠠᠳ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠠᠵᠢᠯ ᠳᠤ ᠢᠳᠡᠪᠬᠢᠲᠡᠢ ᠣᠷᠣᠯᠴᠠᠭᠤᠯᠵᠤ᠂ ᠮᠠᠨ ᠤ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠥᠷᠨᠢᠩᠭᠦᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ︾ ᠲᠣᠳᠣᠷᠬᠠᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠥᠳᠡᠯᠦᠩᠭᠦᠶ ᠪᠠᠷ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠥᠴᠦᠬᠡᠨ ᠴᠦ ᠭᠤᠶᠢᠪᠢᠰᠢ ᠥᠬᠡᠶ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠴᠢᠩᠭ᠎ᠠ ᠪᠣᠳᠠᠲᠠᠶ ᠪᠥᠭᠡᠳ ᠨᠠᠷᠢᠯᠢᠭ ᠰᠠᠶᠢᠲᠤᠷ ᠠᠳᠬᠤᠵᠤ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠭᠰᠡᠨ ᠬᠠᠮᠲᠤᠯᠢᠭ ᠤᠨ ᠪᠠᠶᠢᠳᠠᠯ ᠢ ᠣᠶᠢᠯᠠᠭᠠᠵᠤ ᠪᠦᠷᠢᠳᠬᠡᠬᠦ᠂ ᠤᠬᠠᠭᠤᠯᠤᠨ ᠳᠠᠶᠢᠴᠢᠯᠠᠬᠤ ᠪᠠ ᠲᠠᠷᠢᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠢᠨ᠎ᠡ ᠲᠠᠷᠢᠯᠭ᠎ᠠ ᠶᠢᠨ ᠸᠠᠺᠼᠢᠨ ᠢ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾᠎ ᠶᠢ ᠦᠨᠡᠨᠬᠦ ᠪᠠᠲᠤᠯᠠᠬᠤ ᠬᠡᠷᠡᠭᠲᠡᠶ᠃ ︽ᠬᠥᠭᠵᠢᠭᠦᠯᠬᠦ ᠳᠤ ᠠᠮᠤᠷ ᠲᠦᠪᠰᠢᠨ ᠪᠠᠶᠢᠬᠤ ᠬᠡᠷᠡᠭᠲᠡᠢ︾ ᠭᠡᠬᠦ ᠲᠣᠳᠣᠷᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠳᠡᠭᠡᠳᠦ  ᠬᠡᠮᠵᠢᠶ᠎ᠡ ᠪᠠᠷ ᠠᠩᠬᠠᠷᠴᠤ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠵᠦ᠂ ᠡᠯ᠎ᠡ ᠲᠦᠷᠦᠯ ᠤᠨ ᠬᠡᠷᠡᠭ ᠡᠭᠦᠰᠬᠦ ᠶᠢ ᠡᠷᠡᠰ ᠰᠡᠷᠭᠡᠶᠢᠯᠡᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃     ᠬᠤᠷᠠᠯ ᠠᠴᠠ᠂ ᠪᠦᠬᠦ  ᠲᠤᠭᠤᠷᠢᠭ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠥᠨᠳᠥᠷ ᠦᠷ᠎ᠡ ᠪᠦᠲᠦᠮᠵᠢ᠂ ᠬᠠᠮᠤᠭ ᠤᠨ ᠥᠨᠳᠥᠷ ᠶᠠᠰᠤ ᠴᠢᠨᠠᠷ ᠢᠶᠠᠷ ᠲᠤᠰᠬᠠᠢ ᠴᠡᠭᠴᠡᠯᠡᠨ ᠵᠠᠰᠠᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠳᠡᠭᠡᠳᠦ ᠳᠣᠤᠷᠠᠳᠤ ᠱᠠᠲᠤ ᠪᠠᠷ ᠢᠶᠠᠨ ᠨᠢᠭᠡ ᠴᠣᠭᠴᠠᠵᠢᠭᠤᠯᠤᠨ ᠬᠤᠯᠪᠣᠭᠠᠯᠠᠨ ᠬᠥᠳᠡᠯᠦᠯᠴᠡᠬᠦ ᠬᠠᠷᠢᠭᠤᠴᠠᠯᠭ᠎ᠠ ᠶᠢᠨ ᠰᠢᠰᠲ᠋ᠧᠮᠵᠢ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠥᠪᠡᠷ ᠢᠶᠠᠨ ᠬᠡᠷ ᠪᠠᠶᠢᠰᠢᠩ ᠪᠠᠷᠢᠭᠰᠠᠨ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠹᠧᠩ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ  ᠶᠢᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠤᠯ ᠤᠨ ᠱᠦᠵᠢ ᠱᠢ ᠲᠠᠢ ᠹᠧᠩ ᠨᠥᠬᠦᠷ ᠤᠨ 4 ᠰᠠᠷ᠎ᠠ ᠶᠢᠨ 22᠎ ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠳᠡᠭᠡᠷ᠎ᠡ ᠳᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠢ ᠰᠤᠳᠤᠯᠤᠨ ᠪᠠᠶᠢᠷᠢᠯᠠᠭᠤᠯᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠠᠶᠢᠴᠢᠯᠠᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠪᠠ ᠃ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠴᠢᠬᠤᠯᠠ ᠶᠡᠭᠡ ᠲᠦᠷᠦᠯ ᠵᠦᠢᠯ ᠤᠨ ᠠᠵᠢᠯ ᠰᠡᠷᠭᠦᠭᠡᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠪᠠ᠃ ᠬᠤᠷᠠᠯ ᠠᠴᠠ ᠵᠢᠨᠢᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠪᠠᠶᠢᠳᠠᠯ ᠪᠣᠯᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠢᠨᠢᠩ ᠲᠣᠭᠤᠷᠢᠭ ᠤᠨ 2022 ᠣᠨ ᠤ 1 — 4 ᠰᠠᠷ᠎ᠠ ᠶᠢᠨ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠬᠦ ᠪᠠᠷ ᠵᠢᠱᠢᠭᠰᠡᠨ ᠪᠠᠶᠢᠳᠠᠯ ᠢ ᠵᠠᠳᠠᠯᠪᠠ ᠃ ᠵᠢᠨᠢᠩ ᠲᠣᠭᠤᠷᠢᠭ ᠤᠨ 2022 ᠣᠨ ᠤ 1 — 4 ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠪᠣᠯᠤᠨ ᠠᠵᠤ ᠠᠬᠤᠶᠢᠯᠠᠯ ᠤᠨ ᠠᠵᠢᠯᠯᠠᠭᠠᠨ ᠤ ᠰᠢᠨ᠎ᠡ ᠬᠠᠨᠳᠤᠰᠢ᠂ ᠰᠢᠨ᠎ᠡ ᠠᠰᠠᠭᠤᠳᠠᠯ᠂ ᠰᠢᠨ᠎ᠡ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠰᠢᠢᠳᠪᠦᠷᠢᠯᠡᠬᠦ ᠬᠡᠷᠡᠭᠲᠡᠢ᠃ ᠠᠬᠢᠴᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠥᠭᠡᠴᠡᠯᠡᠬᠦ ᠲᠥᠷᠥᠯ ᠵᠦᠶᠯ ᠤᠨ ᠠᠵᠢᠯ ᠡᠬᠢᠯᠡᠭᠦᠯᠬᠦ ᠶᠢ ᠠᠳᠬᠤᠬᠤ᠂ ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠠᠬᠢᠴᠠ ᠶᠢ ᠠᠳᠬᠤᠬᠤ᠂ ᠠᠵᠢᠯ ᠳᠠᠭᠤᠰᠤᠭᠰᠠᠨ ᠲᠥᠷᠥᠯ ᠵᠦᠶᠯ ᠤᠨ ᠠᠰᠢᠭᠯᠠᠯᠲᠠ ᠳᠤ ᠣᠷᠣᠬᠤ ᠶᠢ ᠠᠳᠬᠤᠬᠤ᠂ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠶᠯ ᠤᠨ ᠦᠶᠯᠡᠳᠪᠦᠷᠢᠯᠡᠯ ᠳᠤ ᠣᠷᠣᠬᠤ ᠶᠢ ᠠᠳᠬᠤᠬᠤ ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠲᠥᠯᠥᠪᠵᠢᠭᠦᠯᠦᠨ ᠪᠥᠲᠥᠭᠡᠨ ᠪᠠᠶᠢᠭᠤᠯᠬᠤ ᠪᠠ ᠨᠢᠭᠡᠨᠲᠡ ᠠᠵᠢᠯ ᠢᠶᠠᠨ ᠰᠡᠷᠭᠦᠭᠡᠭᠰᠡᠨ ᠭᠤᠤᠯᠳᠠᠯᠭ᠎ᠠ ᠲᠠᠢ ᠲᠥᠷᠥᠯ ᠵᠦᠶᠯ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠨᠢᠭᠡᠳ ᠨᠢᠭᠡ ᠪᠠᠷ ᠵᠠᠳᠠᠯᠤᠯᠲᠠ ᠬᠢᠵᠦ᠂ ᠡᠯ᠎ᠡ ᠲᠥᠷᠥᠯ ᠵᠦᠶᠯ ᠤᠨ ᠲᠦᠷᠭᠡᠨ ᠨᠠᠶᠢᠳᠠᠪᠤᠷᠢᠵᠢᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠪᠡᠯᠡ ᠮᠥᠩᠭᠦ᠂ ᠲᠥᠬᠦᠭᠡᠷᠦᠮᠵᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠤᠨᠢᠨ ᠳᠡᠭᠡᠷ᠎ᠡ ᠨᠢ ᠬᠠᠩᠭᠠᠵᠤ᠂ ᠡᠯ᠎ᠡ ᠲᠦᠷᠦᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠠᠵᠢᠯ ᠢ ᠢᠳᠡᠪᠬᠢᠲᠡᠢ ᠪᠡᠶᠡᠯᠡᠭᠦᠯᠵᠦ᠂ ᠡᠯ᠎ᠡ ᠲᠦᠷᠦᠯ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠤᠬᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠢ ᠠᠬᠢᠬᠤ ᠶᠢ ᠪᠠᠲᠤᠯᠠᠬᠤ ᠬᠡᠷᠡᠭᠲᠡᠢ᠃ ᠬᠤᠷᠠᠯ ᠠᠴᠠ ︽ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠴᠡᠭᠴᠡᠯᠡᠨ‌‍ᠰᠠᠶᠢᠵᠢᠷᠠᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠲᠤᠬᠢᠷᠠᠭᠤᠯᠤᠯᠳᠠ︾᠎ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠶᠢᠩᠭᠤᠵᠢᠭᠤᠯᠤᠨ ᠪᠠᠬᠢᠵᠢᠭᠦᠯᠵᠦ᠂ ᠰᠢᠯᠭᠠᠨ ᠦᠨᠡᠯᠡᠬᠦ ᠪᠠᠷ ᠬᠠᠷᠠᠯᠲᠠ ᠪᠣᠯᠭᠠᠬᠤ ᠦᠭᠡᠢ᠂ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠪᠡᠶᠡᠯᠡᠭᠦᠯᠬᠦ ᠦᠭᠡᠢ ᠪᠠᠶᠢᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠣᠯᠤᠭᠰᠠᠨ ᠠᠮᠵᠢᠯᠲᠠ ᠪᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ︽ᠠᠷᠪᠢᠲᠠᠶ ᠪᠥᠭᠡᠳ ᠥᠨᠳᠥᠷ ᠪᠦᠲᠦᠮᠵᠢᠲᠡᠶ︾᠂ ︽ᠬᠠᠭᠤᠴᠢᠨ ᠢ ᠥᠯᠥ ᠡᠪᠳᠡᠬᠦ︾ ᠵᠠᠷᠴᠢᠮ ᠢ ᠪᠠᠷᠢᠮᠲᠠᠯᠠᠨ᠂ ᠬᠢᠵᠠᠭᠠᠷ ᠲᠠᠢ ᠪᠠᠯᠠ ᠮᠥᠩᠭᠦ ᠶᠢ ︽ᠵᠠᠩᠭᠢᠯᠠᠭ᠎ᠠ ᠶᠢᠨ ᠭᠠᠵᠠᠷ︾᠎ ᠲᠤ ᠬᠡᠷᠡᠭᠯᠡᠵᠦ᠂ ᠪᠠᠭ᠎ᠠ ᠵᠣᠭᠤᠰ ᠢᠶᠠᠷ ᠶᠡᠭᠡ ᠶᠠᠪᠤᠳᠠᠯ ᠪᠦᠲᠦᠭᠡᠵᠦ᠂ ᠪᠦᠷᠢᠯᠭᠡᠨ ᠰᠦᠶᠳᠬᠡᠬᠦ ᠶᠢ ᠲᠠᠰᠤ ᠬᠤᠷᠢᠭᠯᠠᠵᠤ᠂ ᠬᠤᠲᠠ ᠪᠠᠶᠢᠭᠤᠯᠬᠤ ᠪᠠᠯᠠ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠶᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠡᠭᠦᠳᠦᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨ ᠬᠦ ᠨᠢᠭᠲᠠᠷᠠᠭᠤᠯᠬᠤ ᠬᠡᠷᠡᠭᠲᠡᠶ᠃ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠪᠠᠶᠢᠩᠭᠤᠵᠢᠭᠤᠯᠬᠤ ᠶᠢ ᠪᠠᠲᠤᠯᠠᠵᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠥᠪᠯᠡᠷᠡᠯ ᠤᠨ ᠴᠡᠭ᠂ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠳᠠ ᠪᠠᠶᠢᠭᠤᠯᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ᠂ ᠪᠦᠬᠦ  ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠢ  ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠭᠡᠵᠦ ᠵᠢᠭᠠᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠢ ᠰᠠᠨᠠᠯ︾ ᠪᠣᠯᠤᠨ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵ᠲᠤᠷᠰᠢᠨ ᠬᠡᠷᠡᠭᠵᠢᠭᠦᠯᠬᠦ︶︾᠎ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃       ᠵᠢᠷᠤᠭ᠄  ᠭᠦᠸᠧ ᠸᠧᠨ ᠵᠢᠶᠧ       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2