ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/5/23
        5 ᠳ᠋ᠤᠭᠠᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠵᠢᠨᠢᠩ ᠲᠣᠭᠤᠷᠢᠭ ᠲᠤ ᠭᠦᠨᠵᠡᠭᠡᠶᠢᠷᠡᠨ᠂ ︽ᠰᠠᠭᠠᠯᠢ ᠶᠢᠨ ᠦᠨᠢᠶ᠎ᠡ ᠪᠠ ᠴᠢᠨᠠᠷ ᠰᠠᠶᠢᠲᠠᠶ ᠡᠪᠡᠰᠦ ᠪᠡᠯᠴᠢᠭᠡᠷ ᠤᠨ ᠥᠪᠡᠷ ᠢ ᠪᠠᠨ ᠬᠠᠩᠭᠠᠬᠤ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠣᠷᠣᠨ ᠤ ᠰᠦ ᠎ ᠶᠢᠨ ᠦᠶᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠳᠥᠯᠭᠢᠨ ᠠᠬᠢᠭᠤᠯᠬᠤ︾ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠵᠥᠪᠯᠡᠬᠦ ᠰᠡᠳᠦᠪ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃     ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠬᠤᠤ᠂ ᠳᠡᠳ᠋ ᠲᠡᠷᠢᠭᠦᠯᠡᠭᠴᠢ ᠸᠠᠩ ᡁᠢ ᠶᠦᠩ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠵᠧ ᠬᠤᠶ ᠵᠢᠴᠢ ᠬᠤᠲᠠ᠂ ᠲᠣᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠥᠪᠥᠷ ᠮᠣᠩᠭᠤᠯ ᠤᠨ ᠯᠠᠨ ᠭᠧ ᠭᠧ ᠰᠦᠨ ᠦᠶᠯᠡᠰ ᠤᠨ ᠬᠢᠵᠠᠭᠠᠷᠲᠤ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠵᠢᠯ ᠤᠨ ᠲᠠᠰᠤᠭ᠂ ᠪᠣᠭᠤᠳᠠᠯ ᠪᠠᠭᠯᠠᠭ᠎ᠠ ᠦᠶᠯᠡᠳᠬᠦ ᠦᠶᠯᠡᠳᠪᠦᠷᠢ ᠶᠢᠨ ᠲᠠᠰᠤᠭ᠂ ᠵᠠᠬ᠎ᠠ ᠳᠡᠯᠭᠡᠭᠦᠷ ᠤᠨ ᠬᠡᠯᠲᠡᠰ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ᠂ ᠦᠶᠯᠡᠳᠬᠦᠨ ᠤ ᠲᠥᠷᠥᠯ ᠬᠡᠯᠪᠡᠷᠢ᠂ ᠨᠠᠷᠠᠲᠤ ᠲᠥᠷᠥᠯ ᠲᠡᠮᠳᠡᠭᠲᠦ ᠶᠢᠨ ᠲᠤᠰᠬᠠᠶ ᠠᠰᠢᠭ ᠵᠢᠴᠢ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠵᠠᠬ᠎ᠠ ᠳᠡᠯᠭᠡᠭᠦᠷ ᠤᠨ ᠨᠡᠭᠡᠭᠡᠯᠲᠡ᠂ ᠠᠵᠤ ᠦᠶᠯᠡᠰ ᠤᠨ ᠬᠡᠯᠬᠢᠶ᠎ᠡ ᠶᠢᠨ ᠴᠣᠭᠴᠠᠯᠠᠯᠲᠠ᠂ ᠰᠢᠨ᠎ᠡ ᠶᠢ ᠡᠭᠦᠳᠬᠦ ᠣᠷᠣᠭᠤᠯᠤᠯᠲᠠ ᠵᠡᠷᠭᠡ ᠶᠢᠨ ᠲᠣᠭᠤᠷᠢᠨ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠭᠰᠠᠨ ᠨᠢ᠂  ᠯᠠᠩ ᠭᠧ ᠭᠧ ᠡᠭᠡᠳᠡᠭᠰᠡᠨ  ᠰᠦ ᠨᠢ ᠤᠯᠠᠭᠠᠨᠴᠠᠪ ᠬᠤᠲᠠ ᠪᠠ ᠵᠢᠨᠢᠩ ᠲᠣᠭᠤᠷᠢᠭ ᠤᠨ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠶᠢᠨ ᠨᠢᠭᠡ ᠪᠣᠯᠤᠭᠰᠠᠨ ᠤ ᠬᠤᠪᠢ ᠳᠤ ᠂ ᠨᠠᠷᠠᠲᠤ ᠲᠡᠮᠳᠡᠭ ᠤᠨ ᠦᠨ᠎ᠡ ᠥᠷᠲᠡᠭ ᠪᠠ ᠬᠥᠭᠵᠢᠯᠲᠡ ᠶᠢᠨ ᠳᠠᠯᠳᠠ ᠬᠦᠴᠦᠨ ᠬᠢᠵᠠᠭᠠᠯᠠᠰᠢ ᠥᠬᠡᠶ ᠶᠤᠮ᠃ ᠢᠷᠡᠭᠡᠳᠦᠢ ᠶᠢᠨ ᠬᠥᠭᠵᠢᠯᠲᠡ ᠶᠢᠨ ᠶᠠᠪᠤᠴᠠ ᠳᠤ᠂ ᠠᠵᠤ ᠠᠬᠤᠶᠢᠯᠠᠯ ᠤᠳ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠪᠣᠯᠤᠨ ᠣᠨᠴᠠᠯᠢᠭ ᠢ ᠨᠠᠷᠢᠨ ᠬᠢᠨᠠᠮᠠᠭᠠᠢ ᠰᠤᠳᠤᠯᠵᠤ᠂ ᠤᠷᠠᠨ ᠳᠠᠷᠬᠠᠨ ᠢᠶᠠᠷ ᠲᠦᠷᠦᠯ ᠲᠡᠮᠳᠡᠭ ᠢ ᠪᠦᠲᠦᠭᠡᠵᠦ᠂ ᠶᠠᠰᠤ ᠴᠢᠨᠠᠷ ᠢᠶᠠᠷ ᠵᠠᠬ᠎ᠠ ᠳᠡᠯᠭᠡᠭᠦᠷ ᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠦᠷᠦᠯ ᠲᠡᠮᠳᠡᠭ ᠤᠨ ᠦᠢᠯᠡᠳᠦᠯ ᠢ ᠥᠷᠭᠡᠳᠬᠡᠵᠦ᠂ ᠶᠠᠰᠤ ᠴᠢᠨᠠᠷ᠂ ᠭᠠᠷᠤᠯᠲᠠ᠂ ᠪᠣᠷᠣᠯᠠᠭᠤᠯᠭ᠎ᠠ ᠶᠢᠨ ᠬᠡᠮᠵᠢᠶ᠎ᠡ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠲᠠᠰᠤᠷᠠᠯᠲᠠ ᠦᠭᠡᠢ ᠠᠬᠢᠭᠤᠯᠬᠤ ᠶᠢ ᠬᠦᠰᠡᠵᠦ ᠪᠠᠶᠢᠨ᠎ᠠ᠃ ᠭᠤᠣᠯ ᠠᠵᠢᠯ ᠢᠶᠠᠨ ᠪᠠᠲᠤ ᠰᠠᠬᠢᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠭᠦᠨᠵᠡᠭᠡᠢ ᠠᠬᠢᠭᠤᠯᠵᠤ᠂ ᠪᠠᠷᠢᠮᠵᠢᠶ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠡᠷᠢᠭᠦᠨ ᠤ ᠬᠢ ᠎ ᠪᠠᠷ ᠪᠠᠷᠢᠮᠵᠢᠶᠠᠯᠠᠵᠤ᠂ ᠲᠡᠷᠢᠭᠦᠨ ᠤ ᠦᠢᠯᠡᠳᠬᠦᠨ ᠤ ᠶᠠᠰᠤ ᠴᠢᠨᠠᠷ ᠢᠶᠠᠷ ᠬᠡᠷᠡᠭᠯᠡᠭᠴᠢᠳ ᠤᠨ ᠢᠲᠡᠭᠡᠯ ᠢ ᠣᠯᠵᠤ᠂ ᠪᠦᠬᠦ ᠣᠷᠣᠨ ᠤ ᠰᠦ ᠶᠢᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ  ᠵᠢᠭᠠᠪᠠ᠃                ᠵᠢᠷᠤᠭ᠄ ᠴᠢᠶᠤᠤ ᠮᠢᠨ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2