ᠵᠢᠨᠢᠩ ᠲᠣᠭᠤᠷᠢᠭ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/30
818470.jpg
      5 ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃      ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂  ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠵᠢᠨᠢᠩ ᠲᠣᠭᠤᠷᠢᠭ ᠤᠨ ᠥᠪᠡᠰᠦᠪᠡᠨ ᠬᠡᠷ ᠪᠠᠷᠢᠬᠤ ᠭᠡᠷ ᠪᠠᠶᠢᠰᠢᠩ  ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠤᠨ ᠲᠤᠬᠠᠶ ᠨᠠᠷᠢᠨ ᠲᠠᠶᠢᠯᠤᠮᠵᠢ ᠬᠢᠪᠠ ᠃  ᠶᠤᠤ ᠬᠠᠶ ᠮᠢᠩ᠂ ᠶᠠᠩ ᠶᠦᠩ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃        ᠬᠤᠷᠠᠯ ᠠᠴᠠ ᠵᠢᠭᠠᠭᠰᠠᠨ ᠨᠢ᠂ ᠥᠪᠡᠷᠲᠡᠭᠡᠨ ᠪᠠᠷᠢᠭᠰᠠᠨ ᠣᠷᠣᠨ ᠰᠠᠭᠤᠴᠠ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠤᠭᠰᠠᠨ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠰᠦᠪᠡᠨ ᠬᠡᠷ ᠪᠠᠶᠢᠰᠢᠩ ᠪᠠᠷᠢᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠎ ᠢᠶᠠᠨ ᠴᠢᠩᠭᠠᠳᠬᠠᠵᠤ᠂ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠰᠠᠬᠢᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠲᠦᠢᠯᠪᠤᠷᠢᠲᠠᠶ ᠠᠷᠢᠯᠭᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ  ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠤᠨ ᠠᠷᠭ᠎ᠠ ᠮᠠᠶ᠋ᠢᠭ ᠢ ᠡᠵᠡᠮᠳᠡᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠨ᠂ ᠠᠵᠢᠯ ᠤᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠲᠣᠰ ᠬᠠᠷᠢᠶ᠎ᠠ ᠣᠷᠣᠨ ᠤ ᠪᠠᠨ ᠪᠣᠶ ᠪᠥᠬᠦᠶ ᠬᠤᠲᠠ ᠬᠥᠳᠡᠭᠡ ᠶᠢᠨ ᠥᠪᠡᠰᠦᠪᠡᠨ ᠪᠠᠷᠢᠭᠰᠠᠨ ᠬᠡᠷ ᠪᠠᠶᠢᠰᠢᠩ ᠳᠤ ᠲᠤᠤᠷᠵᠢᠭᠤᠯᠤᠭᠰᠠᠨ ᠮᠠᠶ᠋ᠢᠭ ᠂  ᠪᠦᠬᠦᠨ ᠢ ᠪᠦᠷᠬᠦᠭᠦᠯᠦᠭᠰᠡᠨ ᠮᠠᠶ᠋ᠢᠭ ᠎ ᠢᠶᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ᠠᠵᠢᠯ ᠤᠨ ᠨᠠᠷᠢᠨ ᠬᠠᠭᠤᠳᠠᠰᠤ ᠶᠢᠨ ᠡᠬᠡ ᠲᠠᠩᠰᠠ ᠪᠠᠶᠢᠭᠤᠯᠤᠨ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠨᠢᠭᠡ ᠪᠠᠷ ᠲᠠᠩᠰᠠ ᠬᠠᠷᠭᠤᠭᠤᠯᠵᠤ ᠠᠰᠠᠭᠤᠳᠠᠯ ᠤᠨ ᠳ᠋ᠤᠭᠠᠷ ᠢ ᠬᠠᠰᠤᠵᠤ᠂ ᠠᠰᠠᠭᠤᠳᠠᠯ ᠤᠨ ᠳᠠᠯᠳᠠ ᠬᠡᠮ ᠢ ᠲᠦᠢᠯᠪᠤᠷᠢᠲᠠᠶ ᠪᠠᠶᠢᠴᠠᠭᠠᠨ ᠭᠠᠷᠭᠠᠵᠤ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠰᠠᠯᠲᠠ ᠶᠢᠨ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠨᠠᠷᠢᠯᠢᠬᠵᠢᠭᠤᠯᠵᠤ᠂ ᠠᠮᠤᠷ ᠲᠦᠪᠰᠢᠨ ᠤ ᠲᠠᠯᠳᠠ ᠭᠡᠮ ᠢ ᠡᠷᠡᠰ ᠢᠶᠠᠷ ᠪᠢᠲᠡᠭᠦᠮᠵᠢᠯᠡᠨ ᠬᠤᠷᠢᠭᠯᠠᠬᠤ ᠬᠡᠷᠡᠭᠲᠡᠶ᠃ ᠬᠠᠷᠢᠶᠠᠲᠤ ᠣᠷᠣᠨ ᠤ ᠬᠠᠮᠢᠶᠠᠷᠤᠯᠲᠠ ᠵᠢᠴᠢ ᠠᠵᠢᠯ ᠲᠥᠷᠥᠯ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠶᠴᠡᠳᠬᠡᠵᠦ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠵᠣᠬᠢᠴᠠᠭᠤᠯᠤᠨ ᠬᠠᠮᠵᠢᠯᠴᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ᠂ ᠠᠰᠠᠭᠤᠳᠠᠯ ᠢ ᠰᠢᠶᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠢ᠃                   ᠵᠢᠷᠤᠭ᠄ ᠴᠢᠶᠤᠤ ᠮᠢᠨ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2