2022 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶᠎ ᠶᠢ ᠳᠠᠬᠢᠨ ᠬᠤᠪᠢᠶᠠᠷᠢᠯᠠᠬᠤ ᠲᠤᠬᠠᠶ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/6/17
              ᠵᠢᠨᠢᠩ  ᠵᠠᠰᠠᠭ ᠲᠠᠷᠢᠶᠠᠯᠠᠩ  ﹇2022﹈ 164  ᠳ᠋ᠦ᠋ᠭᠡᠷ ᠲᠣᠭᠠᠲᠤᠵᠢᠨᠢᠩ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠳᠤ᠄     ︽2022 ᠣᠨ ᠤ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢ ᠬᠡᠷᠡᠭᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ᠴᠣᠬᠤᠯᠠᠪᠤᠷᠢ ︵ᠵᠢᠨᠢᠩ  ᠲᠠᠷᠢᠶᠠᠯᠠᠩ ᠮᠠᠯ ᠠᠵᠤ ᠠᠬᠤᠶ ᠶᠢᠨ ᠳᠤᠭᠤᠶᠢᠯᠠᠩ ᠲᠠᠷᠬᠠᠭᠠᠭᠰᠠᠨ ︹ 2022 ︺ 3 ᠳ᠋ᠤᠭᠠᠷ ᠲᠣᠭᠠᠲᠤ︶᠂ ︽2022 ᠣᠨ ᠳᠤ ᠲᠥᠪ ᠠᠴᠠ ᠪᠠᠭᠤᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠲᠥᠰᠦᠪ ᠢ ᠵᠣᠯᠭᠠᠭᠤᠯᠬᠤ ᠲᠤᠬᠠᠶ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵  ᠤᠯᠠᠭᠠᠨᠴᠠᠪ ᠵᠠᠰᠠᠭ ᠲᠠᠷᠢᠶᠠᠯᠠᠩ︹ 2022 ︺ 630 ᠳ᠋ᠤᠭᠠᠷ ᠲᠣᠭᠠᠲᠤ︶᠂ ︽2022 ᠣᠨ ᠳᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶᠎ ᠶᠢ ᠪᠠᠭᠤᠯᠭᠠᠬᠤ ᠲᠤᠬᠠᠶ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵  ᠤᠯᠠᠭᠠᠨᠴᠠᠪ ᠵᠠᠰᠠᠭ ᠲᠠᠷᠢᠶᠠᠯᠠᠩ︹ 2022 ︺ 484  ᠳ᠋ᠦ᠋ᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠡᠳᠦᠭᠡ ᠵᠢᠨᠢᠩ ᠲᠣᠭᠤᠷᠢᠭ ᠤᠨ 2022 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶᠎ ᠶᠢ ᠪᠠᠭᠤᠯᠭᠠᠭᠰᠠᠨ 21 ᠲᠦᠮᠡᠨ ᠲᠥᠭᠦᠷᠢᠭ ᠢ ᠲᠠᠨ ᠤ  ᠨᠢᠭᠡᠴᠢ ᠳᠤ ᠬᠤᠪᠢᠶᠠᠷᠢᠯᠠᠨ ᠥᠭᠴᠦ᠂ ᠵᠢᠨᠢᠩ ᠲᠣᠭᠤᠷᠢᠭ ᠤᠨ ᠵᠢᠷᠭᠤᠳᠤᠭᠠᠷ ᠰᠤᠮᠤᠨ ᠤ ᠲᠣᠭᠲᠠᠮᠠᠯ ᠳᠤᠯᠠᠭᠠᠨ ᠤ ᠵᠣᠭᠤᠷᠢ ᠶᠢ ᠥᠷᠭᠡᠳᠬᠡᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠬᠦ ᠳᠤ ᠬᠡᠷᠡᠭᠯᠡᠨ᠎ᠡ᠃      ᠲᠠᠨ ᠤ   ᠪᠠᠢᠢᠭᠤᠯᠭ᠎ᠠ ᠶᠢᠨ ᠬᠢᠨ ᠲᠥᠷᠥᠯ ᠵᠦᠢᠯ ᠢ ᠬᠡᠷᠡᠭᠵᠢᠭᠦᠯᠬᠦ ᠬᠠᠮᠢᠶ᠎ᠠ ᠪᠦᠬᠦᠢ ᠭᠠᠷ ᠭᠦᠢᠴᠡᠳᠬᠡᠯ ᠢ ᠤᠷᠢᠳᠴᠢᠯᠠᠨ ᠭᠦᠢᠴᠡᠳᠬᠡᠬᠦ ᠪᠣᠯᠪᠠᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠯᠠᠭᠠᠨᠴᠠᠪ ᠬᠤᠲᠠ ᠶᠢᠨ 6 ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠣᠶ ᠰᠢᠭᠤᠶ ᠪᠠ ᠡᠪᠡᠰᠦᠨ ᠤ ᠦᠶᠯᠡᠰ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠴᠠᠪ  ᠵᠠᠰᠠᠭ ᠲᠠᠷᠢᠶᠠᠯᠠᠩ︹ 2021 ︺ 772 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠡᠯᠡ ᠮᠥᠩᠭᠦ ᠶᠢ ᠲᠣᠬᠢᠷᠠᠭᠤᠯᠬᠤ᠂ ᠬᠡᠷᠡᠭᠯᠡᠬᠦ᠂ ᠬᠠᠮᠢᠶᠠᠷᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠬᠦ ᠶᠢᠨ ᠬᠠᠮᠲᠤ ᠪᠡᠯᠡ ᠮᠥᠩᠭᠦ ᠰᠢᠯᠵᠢᠭᠦᠯᠦᠨ ᠥᠭᠬᠦ ᠴᠠᠭ ᠤᠨ ᠬᠢᠵᠠᠭᠠᠷ ᠶᠣᠰᠣᠭᠠᠷ ᠪᠡᠯᠡ ᠮᠥᠩᠭᠦ ᠬᠡᠷᠡᠭᠯᠡᠬᠦ ᠭᠤᠶᠤᠴᠢᠯᠠᠯ ᠢᠶᠠᠨ ᠡᠳ᠋ ᠤᠨ ᠵᠠᠰᠠᠭ ᠤᠨ ᠲᠣᠪᠴᠢᠶ᠎ᠠ ᠳᠤ ᠴᠠᠭ ᠲᠤᠬᠠᠶ ᠳᠤᠨᠢ ᠳᠤᠷᠠᠳᠴᠤ᠂ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ ᠠᠬᠢᠴᠠ ᠶᠢᠨ ᠶᠣᠰᠣᠭᠠᠷ ᠵᠦᠢᠯᠡᠰ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠬᠡᠷᠡᠭᠲᠡᠶ᠃     ᠡᠭᠦᠨ ᠤ ᠬᠠᠮᠲᠤ ︽ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾᠎ ᠤᠨ ᠮᠡᠳᠡᠭᠳᠡᠯ ︵ᠥᠪᠥᠷ ᠡᠳ᠋ ᠤᠨ ᠵᠠᠰᠠᠭ ᠬᠢᠨᠠᠯᠲᠠ ︹ 2019 ︺ 1343 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠤᠳᠠᠭ᠎ᠠ ᠪᠠᠭᠤᠯᠭᠠᠭᠰᠠᠨ ᠪᠠᠯᠠ ᠮᠥᠩᠭᠦ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ᠂ ᠬᠢᠨᠠᠨ ᠬᠠᠷᠭᠤᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2