ᠶᠦᠨ ᠬᠤᠸᠠᠢ ᠵᠢᠨᠢᠩ ᠲᠣᠭᠤᠷᠢᠭ ᠎ ᠲᠤ ᠳᠠᠭᠠᠭᠠᠴᠢᠯᠠᠭᠰᠠᠨ ᠵᠡᠭᠡᠯᠢ ᠭᠤᠳᠤᠮᠵᠢ ᠶᠢᠨ ᠬᠤᠲᠠ ᠪᠠᠶᠢᠭᠤᠯᠬᠤ ᠠᠵᠢᠯ ᠢ  ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/21
728470.jpg
    6 ᠰᠠᠷ᠎ᠠ ᠶᠢᠨ 20᠎ ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠦᠨ ᠬᠤᠸᠠᠢ ᠲᠡᠭᠦᠨ ᠤ ᠳᠠᠭᠠᠭᠠᠨ ᠠᠪᠤᠭᠰᠠᠨ ᠵᠢᠨᠢᠩ ᠲᠣᠭᠤᠷᠢᠭ ᠤᠨ ᠴᠠᠩ ᠴᠢᠩ ᠵᠡᠭᠡᠯᠢ ᠭᠤᠳᠤᠮᠵᠢ ᠳᠤ ᠬᠦᠷᠴᠦ᠂ ᠪᠥᠬᠦ ᠤᠯᠤᠰ ᠤᠨ ᠪᠣᠯᠪᠠᠰᠤᠨ ᠬᠤᠲᠠ ᠶᠢ  ᠪᠠᠶᠢᠭᠤᠯᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠶ ᠰᠢᠪᠠᠳᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠴᠢᠶᠠᠨ ᠪᠢᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠮᠠᠨ ᠯᠢ᠂ ᠯᠢᠦ ᡁᠢ ᠷᠦᠩ  ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠳᠤ ᠣᠷᠣᠯᠴᠠᠪᠠ᠃      ᠶᠦᠨ ᠬᠤᠸᠠᠢ ᠂ ᠴᠠᠩ ᠴᠢᠩ ᠵᠡᠭᠡᠯᠢ ᠭᠤᠳᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠵᠢᠢ ᠰᠢᠶᠠᠩ ᠶᠤᠸᠠᠨ ᠰᠠᠭᠤᠭᠠᠯᠢ ᠲᠣᠭᠤᠷᠢᠭ ᠲᠤ  ᠬᠦᠷᠴᠦ᠂ ᠣᠷᠣᠰᠢᠵᠤ ᠪᠠᠶᠢᠭ᠎ᠠ ᠰᠠᠭᠤᠷᠢ ᠲᠥᠬᠦᠭᠡᠷᠦᠮᠵᠢ ᠶᠢᠨ ᠡᠪᠳᠡᠭᠳᠡᠯ᠂ ᠵᠠᠮ ᠤᠨ ᠭᠠᠳᠠᠷᠭᠤ ᠡᠩᠬᠦᠯ ᠳᠤᠩᠬᠤᠯ ᠲᠡᠭᠰᠢ ᠪᠤᠰᠤ᠂ ᠲᠡᠷᠭᠡ ᠵᠣᠭᠰᠣᠬᠤ ᠨᠢ ᠵᠢᠷᠤᠮᠵᠢᠯ ᠦᠬᠡᠢ ᠵᠡᠷᠭᠡ ᠠᠰᠠᠭᠤᠳᠠᠯ ᠪᠣᠯᠤᠨ ᠳᠤᠲᠠᠭᠤᠳᠠᠯ ᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠭᠰᠠᠨ‌ᠨᠢᠭᠡᠴᠢ᠂ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠡᠭᠡᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠭᠤᠤᠯ ᠬᠠᠷᠢᠭᠤᠴᠠᠯᠭᠠᠲᠠᠨ ᠵᠠᠪᠠᠯ ᠪᠠᠷᠢᠮᠵᠢᠶ᠎ᠠ ᠪᠠ ᠬᠦᠰᠦᠨᠦᠭᠲᠦ ᠶᠢ ᠴᠢᠩᠭ᠎ᠠ ᠬᠠᠷᠭᠤᠭᠤᠯᠵᠤ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠨ ᠵᠦᠶᠯᠡᠰ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ  ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ︽ᠬᠤᠲᠠ ᠪᠠᠶᠢᠭᠤᠯᠬᠤ︾᠎ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃    ᠶᠠᠷᠢᠯᠴᠠᠬᠤ ᠬᠤᠷᠠᠯ ᠳᠡᠭᠡᠷ᠎ᠡ ᠶᠦᠨ ᠬᠤᠸᠠᠢ ᠬᠡᠯᠡᠬᠦ ᠳᠡᠭᠡᠨ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠤᠲᠠ ᠪᠠᠶᠢᠭᠤᠯᠬᠤ︾ ᠰᠢᠯᠭᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠴᠡᠭ ᠪᠠᠶᠢᠷᠢ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠦᠶᠯ ᠵᠤᠷᠪᠤᠰ ᠳᠠᠷᠠᠭᠠᠯᠠᠨ ᠡᠮᠬᠢᠯᠡᠵᠦ᠂ ᠲᠥᠷᠥᠯ ᠵᠦᠶᠯ ᠳᠤᠲᠠᠭᠳᠠᠬᠤ ᠥᠬᠡᠶ ᠂ ᠲᠥᠷᠥᠯ ᠵᠦᠶᠯ ᠣᠷᠬᠢᠭᠳᠠᠭᠤᠯᠬᠤ ᠥᠬᠡᠶ᠂ ᠬᠤᠪᠢ ᠠᠯᠳᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠬᠢᠨᠠᠯᠲᠠ ᠲᠠᠯᠪᠢᠵᠤ ᠪᠠᠶᠢᠴᠠᠭᠠᠬᠤ᠂ ᠵᠣᠬᠢᠴᠠᠭᠤᠯᠤᠨ ᠲᠤᠬᠢᠷᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠢ ᠢᠯᠡᠷᠡᠭᠦᠯᠦᠨ᠂ ᠲᠣᠳᠣᠷᠬᠠᠢ ᠬᠠᠭᠤᠳᠠᠰᠤ ᠵᠢᠭᠰᠠᠭᠠᠵᠤ᠂ ᠵᠦᠢᠯ ᠳᠠᠷᠠᠭᠠᠯᠠᠨ ᠭᠦᠢᠴᠡᠳᠭᠡᠵᠦ᠂ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠡᠢ ᠃       ᠺᠠᠩ ᠬᠠᠶ ᠷᠦᠢ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠷᠢᠨ ᠵᠦᠶᠯᠡᠰ ᠠᠴᠠ ᠭᠠᠷᠳᠠᠵᠤ᠂ ᠪᠠᠭᠤᠷᠠᠶ ᠲᠠᠯ᠎ᠠ ᠳᠤ ᠬᠦᠴᠦᠯᠡᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠷ ᠭᠤᠤᠯᠳᠠᠯᠭ᠎ᠠ ᠲᠠᠢ ᠬᠦᠴᠢᠷ ᠠᠰᠠᠭᠤᠳᠠᠯ ᠪᠠ ᠳᠤᠲᠠᠭᠤᠳᠠᠯ ᠠᠰᠠᠭᠤᠳᠠᠯ ᠢ ᠦᠨᠡᠨ ᠬᠦ ᠰᠠᠶᠢᠲᠤᠷ ᠰᠢᠶᠳᠪᠦᠷᠢᠯᠡᠵᠦ᠂ ᠣᠯᠠᠨ ᠲᠦᠮᠡᠨ ᠳᠤ ᠨᠠᠩ ᠣᠯᠠᠨ ᠪᠤᠳᠠᠳᠠᠢ ᠠᠰᠢᠭ ᠬᠦᠷᠲᠡᠭᠡᠬᠦ ᠬᠡᠷᠡᠭᠲᠡᠶ ᠭᠡᠵᠡᠶ᠃                     ᠵᠢᠷᠤᠭ᠄ ᠨᠦᠸᠧ ᠴᠢ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2