ᠠᠮᠤ ᠪᠤᠳᠠᠭ᠎ᠠ ᠪᠠᠨ ᠬᠤᠳᠠᠯᠳᠤᠬᠤ ᠲᠤ ᠡᠨᠡ ᠵᠢᠷᠭᠤᠭᠠᠨ ᠰᠠᠨᠠᠭᠤᠯᠭ᠎ᠠ ᠶᠢ ᠠᠩᠬᠠᠷᠤᠯ ᠲᠠᠭᠠᠨ ᠠᠪᠤᠭᠠᠷᠠᠢ︕
ᠨᠡᠶᠢᠲᠡᠯᠡᠭᠰᠡᠨ ᠴᠠᠭ᠄
2022/6/21
     ᠡᠨᠡ ᠵᠢᠯ ᠮᠠᠨ  ᠤ ᠣᠷᠣᠨ  ᠤ ᠠᠮᠤ ᠪᠤᠳᠠᠭᠠᠨ  ᠤ ᠳᠠᠷᠢᠮᠠᠯ  ᠤᠨ  ᠲᠠᠯᠠᠪᠠᠢ ᠨᠡᠮᠡᠭᠳᠡᠨ᠂ ᠠᠮᠤ ᠪᠤᠳᠠᠭ᠎ᠠ ᠡᠯᠪᠡᠭ ᠬᠤᠷᠢᠶᠠᠵᠠᠢ᠃ ᠤᠳᠤᠬᠠᠨ ᠳᠤ᠂ ᠪᠦᠬᠦ ᠤᠷᠤᠨ ᠤ ᠠᠮᠤ ᠪᠤᠳᠠᠭ᠎ᠠ ᠬᠤᠳᠠᠯᠳᠤᠨ ᠠᠪᠬᠤ ᠠᠵᠢᠯ ᠡᠬᠢᠯᠡᠵᠦ᠂ ᠦᠷᠨᠢᠯᠳᠡ ᠶᠢᠨ ᠱᠠᠳᠤᠨ᠋ ᠳᠠᠭᠠᠨ ᠤᠷᠤᠪᠠ᠃    12 ᠰᠠᠷ᠎ᠠ ᠶᠢᠨ 14 ᠎ ᠤ ᠡᠳᠦᠷ ᠬᠤᠷᠠᠯᠳᠤᠭᠰᠠᠨ ᠦᠪᠡᠷᠳᠡᠭᠡᠨ ᠵᠠᠰᠠᠬᠤ ᠤᠷᠤᠨ  ᠤ ᠵᠠᠰᠠᠭ  ᠤᠨ ᠤᠷᠳᠤᠨ ᠎ ᠤ ᠰᠤᠨᠢᠨ ᠮᠡᠳᠡᠭᠡ ᠨᠡᠶᠢᠳᠡᠯᠡᠭᠦ ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠤᠷᠤᠨ  ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠶᠢᠨ ᠬᠠᠷᠢᠭᠤᠴᠠᠯᠭᠠᠳᠠᠨ ᠠᠴᠠ ᠨᠠᠮᠤᠷ  ᠤᠨ ᠠᠮᠤ ᠪᠤᠳᠠᠭ᠎ᠠ ᠪᠠᠨ ᠬᠤᠳᠠᠯᠳᠤᠨ ᠪᠤᠷᠤᠯᠠᠭᠤᠯᠵᠤ ᠪᠠᠶᠢᠭ᠎ᠠ ᠲᠠᠷᠢᠶᠠᠴᠢᠳ ᠲᠤ ᠳᠤᠤᠷᠠᠬᠢ ᠵᠢᠷᠭᠤᠭᠠᠨ ᠲᠠᠯ᠎ᠠ ᠶᠢᠨ ᠰᠠᠨᠠᠭᠤᠯᠭ᠎ᠠ ᠦᠭᠴᠠᠢ᠃      1. ᠵᠠᠬ᠎ᠠ ᠳᠡᠯᠭᠡᠭᠦᠷ ᠤᠨ ᠪᠠᠶᠢᠳᠠᠯ ᠲᠤ ᠵᠦᠢ ᠵᠤᠬᠢᠰᠳᠠᠢ ᠯᠠᠪᠳᠠᠭᠤᠨ ᠢᠶᠠᠷ ᠬᠠᠨᠳᠤᠭᠠᠷᠠᠢ᠃     ᠡᠨᠡ ᠵᠢᠯ  ᠤᠨ ᠬᠢᠵᠢᠭ  ᠤᠨ ᠪᠠᠶᠢᠳᠠᠯ ᠪᠠ ᠵᠠᠷᠢᠮ ᠭᠠᠵᠠᠷ  ᠤᠨ ᠴᠠᠭᠠᠨ ᠵᠤᠳ ᠠᠴᠠ ᠪᠤᠯᠵᠦ᠂ ᠠᠮᠤ ᠪᠤᠳᠠᠭᠠᠨ  ᠤ ᠵᠠᠬ᠎ᠠ ᠳᠡᠯᠭᠡᠭᠦᠷ  ᠤᠨ  ᠬᠤᠪᠢᠷᠠᠯᠲᠠ ᠲᠦᠷᠭᠡᠨ᠂ ᠦᠨ᠎ᠡ  ᠬᠠᠨᠭ᠍ᠰᠢ ᠶᠢᠨ ᠬᠡᠯᠪᠡᠯᠵᠡᠯ ᠶᠡᠭᠡ ᠤᠴᠢᠷ ᠠᠴᠠ ᠵᠠᠬ᠎ᠠ ᠳᠡᠯᠭᠡᠭᠦᠷ  ᠤᠨ ᠪᠠᠶᠢᠳᠠᠯ  ᠳᠤ ᠵᠦᠢ ᠵᠤᠬᠢᠰᠳᠠᠢ ᠯᠠᠪᠳᠠᠭᠤᠨ ᠢᠶᠠᠷ ᠬᠠᠨᠳᠤᠵᠤ᠂ ᠠᠶᠤᠯ  ᠲᠦᠭᠰᠢᠭᠦᠷᠢ ᠶᠢ ᠰᠡᠷᠭᠡᠶᠢᠯᠡᠬᠦ ᠤᠬᠠᠮᠰᠠᠷ  ᠢᠶᠠᠨ ᠴᠢᠩᠭᠠᠳᠭᠠᠨ᠂ ᠠᠮᠤ ᠪᠤᠳᠠᠭ᠎ᠠ ᠪᠠᠨ ᠳᠤᠬᠢᠷᠠᠮᠵᠢᠳᠠᠢ ᠴᠠᠭ ᠲᠤ ᠲᠣᠬᠢᠷᠠᠮᠵᠢᠲᠠᠢ ᠦᠨ᠎ᠡ ᠪᠠᠷ ᠬᠤᠳᠠᠯᠳᠤᠵᠤ᠂ ᠤᠯᠠᠨ ᠬᠦᠮᠦᠨ ᠪᠥᠭᠡᠮᠨᠡᠷᠡᠨ ᠨᠢᠭᠡ ᠳᠤᠤᠷ᠎ᠠ ᠬᠤᠳᠠᠯᠳᠤᠬᠤ ᠪᠤᠶᠤ ᠵᠠᠬ᠎ᠠ ᠳᠡᠯᠭᠡᠭᠦᠷ  ᠤᠨ ᠪᠠᠶᠢᠳᠠᠯ  ᠢ ᠰᠤᠬᠤᠷ ᠪᠠᠯᠠᠢ ᠪᠠᠷ ᠲᠦᠰᠦᠭᠡᠯᠡᠨ ᠬᠤᠳᠠᠯᠳᠤᠬᠤ ᠠᠴᠠ ᠵᠠᠶᠢᠯᠠᠰᠬᠢᠭᠡᠷᠡᠢ᠃      2. ︽ᠪᠡᠯᠡᠨ ᠵᠣᠭᠤᠰ ᠢᠶᠠᠷ ᠲᠠᠰᠤᠯᠤᠨ ᠪᠣᠳᠣᠬᠤ︾᠎ ᠶᠢ ᠪᠠᠲᠤ ᠴᠡᠭᠡᠵᠢᠯᠡᠭᠡᠷᠡᠢ᠃      ᠬᠤᠳᠠᠯ ᠬᠠᠭᠤᠷᠮᠠᠬ ᠮᠡᠬᠡᠯᠡᠯ  ᠤᠨ ᠦᠭᠡ ᠶᠠᠷᠢᠶ᠎ᠠ ᠶᠢ ᠢᠲᠡᠭᠡᠵᠦ ᠪᠣᠯᠬᠤ ᠥᠬᠡᠢ᠂ ᠬᠠᠤᠯᠢ ᠪᠤᠰᠤ  ᠡᠲᠡᠭᠡᠳ ︽ᠥᠨᠳᠥᠷ ᠬᠦᠦ︾᠂ ᠥᠨᠳᠥᠷ ᠦᠨ᠎ᠡ ᠪᠠᠷ ᠥᠭᠶᠥᠭᠡ ᠪᠣᠯᠭᠠᠵᠤ ᠱᠡᠭᠡᠯᠡᠭᠡ ᠪᠠᠷ ᠠᠮᠤ ᠪᠤᠳᠠᠭ᠎ᠠ ᠶᠢ ᠴᠢᠨᠢ ᠬᠤᠳᠠᠯᠳᠤᠨ ᠠᠪᠠᠴᠢᠭᠠᠳ ᠵᠣᠭᠤᠰ  ᠢ ᠴᠢᠨᠢ ᠮᠡᠬᠡᠯᠡᠨ ᠠᠪᠬᠤ ᠠᠴᠠ ᠰᠡᠷᠭᠡᠶᠢᠯᠡᠬᠦ ᠬᠡᠷᠡᠭᠲᠡᠢ᠃      3. ︽12325︾ ᠬᠠᠯᠠᠮᠰᠢᠯ ᠤᠳᠠᠰᠦ ᠶᠢ ᠵᠠᠪᠠᠯ ᠴᠡᠭᠡᠵᠢᠯᠡᠭᠡᠷᠡᠢ᠃     ᠭᠡᠷᠡᠴᠢ ᠪᠠᠷᠢᠮᠲᠠ ᠦᠯᠡᠳᠡᠭᠡᠬᠦ ᠶᠢ ᠠᠩᠬᠠᠷᠴᠤ᠂ ᠬᠠᠤᠯᠢ ᠶᠣᠰᠣᠨ  ᠤ ᠡᠷᠬᠡ  ᠠᠰᠢᠭ ᠴᠢᠨᠢ ᠬᠤᠬᠢᠷᠠᠯ  ᠳᠤ ᠤᠴᠠᠷᠠᠪᠠᠯ ᠲᠡᠷᠡ ᠳᠠᠷᠤᠢ ᠳᠤᠨᠢ ︽12325︾ ᠬᠢᠨᠠᠨ ᠬᠠᠮᠢᠶᠠᠷᠤᠯᠲᠠ ᠶᠢᠨ ᠬᠠᠯᠠᠮᠰᠢᠯ ᠤᠲᠠᠰᠤ ᠶᠢ ᠤᠲᠠᠰᠤᠳᠠᠵᠤ ᠢᠯᠡᠴᠢᠯᠡᠨ ᠮᠡᠳᠡᠭᠦᠯᠦᠭᠡᠷᠡᠢ᠃     4. ᠠᠮᠤ ᠪᠤᠳᠠᠭ᠎ᠠ ᠪᠠᠨ  ᠨᠦᠭᠡᠴᠢᠯᠡᠬᠦ ᠲᠡᠭᠡᠨ ᠠᠯᠢ ᠴᠢᠳᠠᠬᠤ ᠪᠠᠷ ᠬᠤᠬᠢᠷᠠᠯ ᠰᠦᠢᠳᠦᠯ  ᠢ ᠪᠠᠭᠠᠰᠬᠠᠬᠤ ᠭᠡᠷᠡᠭᠳᠡᠢ᠃     ᠡᠨᠡ ᠵᠢᠯ  ᠤᠨ ᠠᠭᠤᠷ ᠠᠮᠢᠰᠭᠤᠯ  ᠤᠨ ᠪᠤᠰᠤ᠂ ᠠᠮᠤ ᠪᠤᠳᠠᠭᠠᠨ  ᠤ ᠤᠰᠤᠨ  ᠤ ᠠᠭᠤᠯᠤᠭᠳᠠᠴᠠ ᠥᠨᠳᠥᠷ ᠪᠣᠯᠬᠤᠷ ᠦᠳᠦᠷᠮ᠎ᠡ ᠠᠪᠬᠤ ᠳᠤ ᠲᠣᠬᠢᠷᠠᠮᠵᠢ ᠥᠬᠡᠢ᠂ ᠢᠯᠠᠩᠭᠤᠶ᠎ᠠ ᠵᠡᠭᠦᠨ  ᠬᠡᠰᠡᠭ  ᠤᠨ ᠭᠠᠵᠠᠷ ᠣᠷᠣᠨ  ᠤ ᠴᠠᠰᠤᠨ  ᠤ ᠬᠡᠮᠵᠢᠶ᠎ᠡ ᠨᠡᠯᠢᠶᠡᠳ ᠶᠡᠭᠡ᠂ ᠬᠤᠷᠠᠭᠰᠠᠨ ᠴᠠᠰᠤ ᠬᠠᠶᠢᠯᠬᠤ ᠶᠢ ᠳᠠᠭᠠᠯᠳᠤᠨ᠂ ᠠᠮᠠᠷᠬᠠᠨ ᠸᠠᠯᠠᠵᠤ  ᠢᠯᠵᠡᠷᠡᠬᠦ ᠠᠴᠠ ᠰᠠᠷᠭᠡᠶᠢᠯᠡᠵᠤ᠂ ᠵᠤᠬᠢᠬᠤ ᠠᠷᠭ᠎ᠠ ᠠᠪᠴᠤ ᠪᠠᠶᠢᠭᠠᠳ  ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠶᠢ ᠨᠥᠭᠡᠴᠡᠯᠡᠵᠦ᠂ ᠴᠠᠰᠤᠨ ᠳᠤ ᠳᠠᠷᠤᠭᠳᠠᠭᠰᠠᠨ ᠠᠮᠤ ᠪᠤᠳᠠᠭ᠎ᠠ ᠶᠢᠨ ᠬᠤᠬᠢᠷᠠᠯ  ᠢ ᠪᠠᠭᠠᠰᠬᠠᠬᠤ ᠬᠡᠷᠡᠭᠲᠡᠢ᠃     5. ᠨᠠᠮᠤᠷ  ᠤᠨ ᠠᠮᠤ ᠪᠤᠳᠠᠭ᠎ᠠ ᠬᠤᠳᠠᠯᠳᠤᠨ ᠠᠪᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ  ᠢ ᠰᠠᠶᠢᠳᠤᠷ ᠤᠶᠢᠯᠠᠭᠠᠬᠤ ᠭᠡᠷᠡᠭᠳᠡᠢ᠃     ᠬᠤᠳᠠᠯᠳᠤᠨ ᠠᠪᠬᠤ  ᠡᠲᠡᠭᠡᠳ ᠨᠡᠶᠢᠲᠡᠯᠡᠭᠰᠡᠨ ᠠᠮᠤ ᠪᠤᠳᠠᠭ᠎ᠠ ᠬᠤᠳᠠᠯᠳᠤᠨ ᠠᠪᠬᠤ ᠲᠥᠷᠥᠯ᠂ ᠶᠠᠰᠤ ᠴᠢᠨᠠᠷ ᠎ ᠤᠨ ᠱᠠᠭᠠᠷᠳᠠᠯᠭ᠎ᠠ᠂ ᠠᠷᠠᠯᠵᠢᠶᠠᠯᠠᠬᠤ ᠦᠨ᠎ᠡ ᠬᠠᠩᠰᠢ ᠶᠢᠨ ᠳᠦᠷᠢᠮ ᠵᠡᠷᠭᠡ ᠶᠢ ᠬᠢᠨᠠᠮᠠᠭᠠᠢ ᠤᠶᠢᠯᠠᠭᠠᠵᠤ᠂ ᠠᠮᠤ ᠪᠤᠳᠠᠭ᠎ᠠ ᠪᠠᠨ ᠬᠤᠳᠠᠯᠳᠤᠬᠤ ᠳᠠᠭᠠᠨ ᠬᠤᠨᠵᠢᠭᠳᠠᠬᠤ ᠮᠡᠬᠡᠯᠡᠭᠳᠡᠬᠦ ᠶᠢ ᠰᠡᠷᠭᠡᠶᠢᠯᠡᠭᠡᠷᠡᠢ᠃    6.  ᠬᠢᠵᠢᠭ ᠤᠨ ᠰᠡᠷᠭᠡᠶᠢᠯᠡᠯᠳᠡ ᠶᠢ ᠰᠠᠶᠢᠳᠤᠷ ᠬᠢᠵᠦ ᠪᠡᠶ᠎ᠡ ᠮᠠᠬᠠᠪᠤᠳ  ᠤᠨ ᠠᠮᠤᠷ  ᠲᠦᠪᠰᠢᠨ ᠢᠶᠠᠨ ᠠᠩᠬᠠᠷᠬᠤ ᠴᠢᠬᠤᠯᠠᠳᠠᠢ᠃    ᠬᠢᠵᠢᠭ ᠤᠨ ᠪᠠᠶᠢᠳᠠᠯ ᠠᠴᠠ ᠰᠡᠷᠭᠡᠶᠢᠯᠡᠨ ᠬᠤᠪᠢ ᠪᠡᠶ᠎ᠡ ᠶᠢᠨ ᠡᠷᠡᠭᠦᠯ ᠴᠢᠬᠢᠷᠠᠬ ᠢᠶᠠᠨ ᠬᠠᠮᠠᠭᠠᠯᠠᠬᠤ ᠴᠢᠬᠤᠯᠠᠳᠠᠢ᠃ ᠬᠦᠮᠦᠨ ᠤᠯᠠᠨ ᠴᠤᠭᠯᠠᠷᠠᠭᠰᠠᠨ ᠭᠠᠵᠠᠷ ᠠᠮᠠᠪᠴᠢ ᠵᠡᠭᠦᠵᠦ᠂ ᠠᠮᠤ ᠪᠤᠳᠠᠭ᠎ᠠ ᠪᠠᠨ ᠬᠤᠳᠠᠯᠳᠤᠭᠰᠠᠨ ᠤ ᠳᠠᠷᠠᠭ᠎ᠠ ᠠᠵᠢᠯᠯᠠᠬᠤ  ᠲᠤᠭᠤᠷᠢᠭ ᠠᠴᠠ ᠲᠦᠷᠭᠡᠨ ᠰᠠᠯᠵᠤ ᠶᠠᠪᠤᠬᠤ ᠶᠢ ᠬᠢᠴᠢᠶᠡᠭᠡᠷᠡᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2