ᠵᠢᠨᠢᠩ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/23
791470.jpg
      6 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠰᠠᠶᠢᠳ ᠯᠢ ᠺᠧ ᠴᠢᠶᠠᠩ ᠤᠨ ᠪᠦᠬᠦ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠴᠣᠬᠤᠯᠠᠪᠤᠷᠢ ᠪᠣᠯᠤᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠶᠢᠳᠠᠯ ᠢ ᠰᠡᠷᠭᠡᠭ ᠢᠶᠠᠷ ᠲᠠᠨᠢᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠡᠩ ᠬᠦᠴᠦᠲᠡᠢ ᠠᠷᠭ᠎ᠠ  ᠬᠡᠮᠵᠢᠶ᠎ᠡ ᠠᠪᠴᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠠᠷᠭᠠᠴᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠰᠡᠷᠭᠡᠶᠢᠯᠡᠯᠲᠡ ᠶᠢᠨ ᠱᠤᠭᠤᠮ ᠢ ᠬᠦᠴᠦ ᠪᠠᠨ ᠬᠠᠮᠲᠤᠳᠬᠠᠨ ᠪᠠᠬᠢᠵᠢᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠪᠣᠯᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠰᠤᠳᠤᠯᠤᠨ ᠮᠠᠭᠠᠳᠯᠠᠵᠤ᠂ ᠵᠢᠯ ᠤᠨ ᠡᠬᠢᠨ ᠤ ᠬᠠᠷᠠᠯᠲᠠ ᠲᠠᠢ ᠬᠠᠷᠢᠴᠠᠭᠤᠯᠵᠤ ᠂ ᠪᠦᠬᠦ ᠲᠠᠯ᠎ᠠ ᠪᠠᠷ  ᠪᠦᠷᠢᠳᠬᠡᠵᠦ᠂ ᠤᠨᠢᠨ ᠳᠡᠭᠡᠷ᠎ᠡ ᠨᠢ ᠬᠦᠴᠦᠯᠡᠵᠦ᠂ ᠠᠬᠢᠴᠠ ᠶᠢ ᠴᠢᠷᠮᠠᠶᠢᠨ ᠭᠦᠢᠴᠡᠳᠬᠡᠵᠦ᠂ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠮᠠᠨ ᠤ  ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ  ᠭᠡᠵᠡᠢ᠃    ᠬᠤᠷᠠᠯ ᠠᠴᠠ ᠪᠠᠰᠠ ︽ᠵᠢᠨᠢᠩ ᠲᠣᠭᠤᠷᠢᠭ ᠤᠨ ᠬᠠᠷᠢᠶ᠎ᠠ ᠎ ᠳᠠᠬᠢ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠯᠲᠡ ᠬᠢᠵᠦ ᠪᠡᠯᠡ ᠣᠷᠣᠭᠤᠯᠤᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠨᠠᠷᠢᠨ ᠳᠦᠷᠢᠮ ︵ᠶᠠᠷᠢᠯᠴᠠᠬᠤ ᠨᠤᠤᠷᠠᠭ︶︾᠎ ᠢ ᠬᠢᠨᠠᠨ ᠵᠥᠪᠯᠡᠵᠦ ᠪᠠᠲᠤᠯᠠᠭᠠᠳ᠂ ᠵᠢᠨᠢᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠡᠵᠡᠩᠨᠡᠯᠲᠡ ᠶᠢᠨ ᠣᠷᠣᠨ ᠪᠦᠰᠡ ᠶᠢᠨ ᠬᠤᠪᠢᠶᠠᠷᠢᠯᠠᠯ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃               ᠵᠢᠷᠤᠭ᠄ ᠴᠢᠶᠤᠤ ᠮᠢᠨ               ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2