ᠺᠠᠩ ᠬᠠᠶ ᠷᠦᠢ ᠰᠢᠲᠠᠭᠠᠯᠭ᠎ᠠ ᠶᠢᠨ ᠨᠡᠭᠦᠷᠡᠰᠦᠨ ᠤ ᠰᠤᠯᠠ ᠰᠢᠲᠠᠭᠠᠯᠭ᠎ᠠ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/24
        5 ᠰᠠᠷ᠎ᠠ ᠶᠢᠨ 8᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠰᠢᠲᠠᠭᠠᠯᠭ᠎ᠠ ᠶᠢᠨ ᠨᠡᠭᠦᠷᠡᠰᠦ ᠶᠢ ᠰᠤᠯᠠ‌‍ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ  ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠶᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠲᠥᠪᠯᠡᠷᠡᠭᠦᠯᠦᠨ ᠢᠯᠴᠢ ᠬᠠᠩᠭᠠᠬᠤ ᠪᠣᠯᠭᠠᠨ ᠥᠭᠡᠷᠡᠴᠢᠯᠡᠬᠦ︾ ᠵᠡᠷᠭᠡ ᠠᠷᠢᠭᠤᠨ ᠴᠡᠪᠡᠷ ᠳᠤᠯᠠᠭᠠᠯᠭ᠎ᠠ ᠶᠢᠨ ᠡᠯ᠎ᠡ ᠵᠦᠢᠯ ᠤᠨ ᠡᠭᠦᠷᠭᠡ ᠶᠢ ᠲᠦᠷᠭᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ  ᠭᠡᠵᠡᠢ᠃      ᠺᠠᠩ ᠬᠠᠢ ᠷᠦᠢ ᠤᠷᠢᠳ ᠬᠤᠵᠢᠳ ᠴᠠᠩ ᠴᠢᠩ ᠵᠡᠭᠡᠯᠢ ᠭᠤᠳᠤᠮᠵᠢ ᠶᠢᠨ ᠯᠦ ᠵᠢᠶᠠ ᠪᠠ ᠲᠣᠰᠬᠤᠨ᠂ ᠯᠢ ᠵᠢᠶᠠ ᠲᠣᠰᠬᠤᠨ᠂ ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠤᠩ ᠸᠧᠢ ᠨᠡᠶᠢᠭᠡᠮ ᠲᠣᠭᠤᠷᠢᠭ᠂ ᠰᠢᠨ ᠲᠢ ᠵᠠᠮ ᠤᠨ ᠵᠡᠭᠡᠯᠢ ᠭᠤᠳᠤᠮᠵᠢ ᠶᠢᠨ ᠷᠦ᠋ ᠢ ᠨᠡᠶᠢᠭᠡᠮ ᠲᠣᠭᠤᠷᠢᠭ ᠵᠡᠷᠭᠡ ᠥᠭᠡᠷᠡᠴᠢᠯᠡᠯᠲᠡ ᠶᠢᠨ ᠬᠡᠰᠡᠭ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ ᠺᠠᠩ ᠬᠠᠶ ᠷᠦᠢ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠰᠢᠲᠠᠭᠠᠯᠭ᠎ᠠ ᠶᠢᠨ ᠨᠡᠭᠦᠷᠡᠰᠦ ᠰᠤᠯᠠ ᠰᠢᠲᠠᠭᠠᠬᠤ ᠬᠡᠷᠡᠭᠯᠡᠭᠴᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢᠨ ᠪᠣᠳᠠᠲᠠᠶ ᠪᠠᠶᠢᠳᠠᠯ᠂ ᠠᠬᠢᠭᠤᠯᠬᠤ ᠡᠷᠴᠢᠮ ᠵᠢᠴᠢ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠬᠠᠮᠢᠶ᠎ᠠ ᠪᠥᠬᠦᠶ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠬᠤ ᠶᠢᠨ ᠬᠠᠮᠲᠤ ᠠᠷᠢᠭᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠴᠢᠭ᠋ ᠤᠨ ᠰᠠᠭᠤᠭᠠᠯᠢ ᠡᠷᠦᠬᠡ ᠶᠢ ᠲᠠᠰᠢᠷᠠᠮ ᠳᠠᠭᠠᠤ ᠰᠤᠷᠪᠤᠯᠵᠢᠯᠠᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠦᠶᠯᠡᠳᠬᠦᠨ ᠤ ᠠᠵᠢᠯᠯᠠᠭᠠᠨ ᠤ ᠥᠪᠡᠷ ᠤᠨ ᠥᠷᠲᠡᠭ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ᠂ ᠲᠥᠬᠦᠭᠡᠷᠦᠮᠵᠢ ᠶᠢᠨ ᠶᠠᠰᠤ ᠴᠢᠨᠠᠷ᠂ ᠠᠮᠤᠷ ᠲᠦᠪᠰᠢᠨ ᠤ ᠬᠠᠮᠢᠶᠠᠷᠤᠯᠲᠠ᠂ ᠦᠶᠯᠡᠳᠬᠦᠨ ᠤ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠤᠶᠢᠯᠠᠭᠠᠵᠠᠢ᠃    ᠺᠠᠩ ᠬᠠᠶ ᠷᠦᠢ  ᠵᠢᠭᠠᠭᠰᠠᠨ ᠨᠢ᠂ ᠨᠡᠭᠦᠷᠡᠰᠦ ᠰᠢᠲᠠᠭᠠᠬᠤ ᠲᠠᠷᠠᠬᠠᠶ ᠰᠢᠲᠠᠭᠠᠬᠤ ᠶᠡᠷᠦᠩᠬᠡᠶᠢᠯᠡᠨ ᠵᠠᠰᠠᠬᠤ ᠠᠷᠢᠭᠤᠨ ᠴᠡᠪᠡᠷ ᠳᠤᠯᠠᠭᠠᠯᠠᠭ᠎ᠠ ᠶᠢᠨ ᠢᠨᠵᠧᠨᠧᠷᠢᠩ ᠢ ᠲᠦᠷᠭᠡᠪᠴᠢᠯᠡᠨ ᠠᠬᠢᠭᠤᠯᠬᠤ ᠪᠣᠯ ᠨᠢᠭᠡ ᠵᠦᠶᠯ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠮᠥᠨ ᠪᠥᠭᠡᠳ ᠪᠠᠰᠠ ᠴᠤ ᠨᠢᠭᠡ ᠵᠦᠶᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠨᠠᠩ ᠴᠤ ᠲᠥᠪ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠡᠶᠢᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠠᠭᠠᠷ ᠮᠠᠨᠳᠠᠯ ᠤᠨ ᠪᠣᠬᠢᠷᠲᠤᠯ ᠢ ᠪᠦᠲᠦᠮᠵᠢᠲᠡᠶ ᠵᠠᠰᠠᠬᠤ᠂ ᠣᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠪᠠᠲᠤ ᠪᠠᠬᠢ ᠪᠤᠶ ᠪᠣᠯᠭᠠᠵᠤ᠂ ᠣᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠬᠦᠴᠢᠷ ᠢ ᠳᠠᠪᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠰᠢᠲᠠᠭᠠᠯᠭ᠎ᠠ ᠶᠢᠨ ᠨᠡᠭᠦᠷᠡᠰᠦ ᠶᠢ ᠪᠤᠲᠠᠷᠬᠠᠢ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠲᠥᠪᠯᠡᠷᠡᠭᠦᠯᠦᠨ ᠢᠯᠴᠢ ᠬᠠᠩᠭᠠᠬᠤ ᠪᠣᠯᠭᠠᠨ ᠥᠭᠡᠷᠡᠴᠢᠯᠡᠬᠦ︾ ᠵᠡᠷᠭᠡ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠢ ᠴᠢᠨᠠᠷ ᠴᠢᠨᠰᠠᠭ᠎ᠠ ᠶᠢ ᠪᠠᠲᠤᠯᠠᠨ ᠰᠠᠶᠢᠲᠤᠷ ᠬᠢᠵᠦ᠂ ᠠᠷᠠᠳ ᠤᠯᠠᠨ ᠤ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃     ᠺᠠᠩ ᠬᠠᠶ ᠷᠦᠢ ᠴᠢᠬᠤᠯᠠᠴᠢᠯᠠᠬᠤ ᠳᠠᠭᠠᠨ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠵᠢᠯ ᠤᠨ ᠳᠤᠮᠳᠠ ᠢᠯᠡᠷᠡᠭᠰᠡᠨ ᠡᠯ᠎ᠡ ᠲᠥᠷᠥᠯ ᠤᠨ ᠠᠰᠠᠭᠤᠳᠠᠯ ᠢ ᠲᠣᠬᠢᠲᠠᠶ ᠰᠠᠶᠢᠲᠤᠷ ᠰᠢᠶᠳᠪᠦᠷᠢᠯᠡᠵᠦ᠂ ᠶᠠᠰᠤ ᠴᠢᠨᠠᠷ ᠢ ᠪᠠᠲᠤᠯᠠᠨ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠦᠨᠡᠨ ᠪᠣᠳᠠᠲᠠᠶ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶ ᠪᠠᠷ ᠬᠢᠬᠦ ᠬᠡᠷᠡᠭᠲᠡᠶ ᠭᠡᠵᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ᠂ ᠥᠭᠡᠷᠡᠴᠢᠯᠡᠯᠲᠡ ᠶᠢᠨ ᠲᠥᠰᠦᠯ ᠢ ᠨᠠᠷᠢᠨ ᠲᠣᠳᠣᠷᠬᠠᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠲᠥᠪᠯᠡᠷᠡᠭᠦᠯᠦᠨ ᠢᠯᠴᠢ ᠬᠠᠩᠭᠠᠬᠤ︾᠎ ᠶᠢᠨ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠷᠢᠭᠤᠨ ᠴᠡᠪᠡᠷ᠂ ᠳᠥᠭᠦᠮ ᠳᠥᠲᠡ ᠪᠠᠶᠢᠬᠤ ᠶᠢᠨ ᠰᠠᠶᠢᠢᠨ ᠲᠠᠯ᠎ᠠ ᠶᠢ ᠭᠦᠢᠴᠡᠳ ᠣᠶᠢᠯᠠᠭᠠᠭᠤᠯᠵᠤ᠂ ᠠᠷᠢᠭᠤᠨ ᠴᠡᠪᠡᠷ ᠡᠨᠧᠷᠭᠢ ᠶᠢ ᠢᠳᠡᠪᠬᠢᠲᠡᠢ ᠬᠡᠷᠡᠭᠯᠡᠵᠦ᠂ ᠤᠯᠠᠨ ᠤ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠡᠯ᠎ᠡ ᠵᠦᠢᠯ ᠤᠨ ᠠᠵᠢᠯ ᠢ ᠲᠣᠭᠲᠠᠭᠤᠨ᠂ ᠤᠷᠤᠭᠰᠢᠲᠠᠢ ᠠᠬᠢᠭᠤᠯᠬᠤ ᠶᠢ ᠪᠠᠲᠤᠯᠠᠵᠤ᠂ ᠥᠷᠭᠡᠨ ᠤᠯᠠᠨ ᠰᠠᠭᠤᠭᠠᠯᠢ ᠠᠷᠠᠳ ᠲᠤ ᠠᠷᠢᠭᠤᠨ ᠴᠡᠪᠡᠷ ᠢᠯᠴᠢ ᠶᠢᠨ ᠢᠷᠡᠯᠳᠡ ᠶᠢ ᠡᠳ᠋ᠯᠡᠭᠦᠯᠵᠦ᠂ ᠳᠤᠯᠠᠭᠠᠨ ᠲᠠᠭᠠᠯᠠᠮᠵᠢᠲᠠᠢ ᠪᠠᠷ ᠡᠪᠦᠯ ᠢ ᠥᠩᠭᠡᠷᠡᠭᠦᠯᠬᠦ ᠬᠡᠷᠡᠭᠲᠡᠢ᠃   ᠲᠣᠭᠤᠷᠢᠭ ᠤᠨ ᠤᠳᠤᠷᠢᠳᠤᠯᠭ᠎ᠠ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2