ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ ᠵᠢᠨᠢᠩ ᠤᠨ ︽ᠬᠤᠲᠠ ᠪᠠᠶᠢᠭᠤᠯᠬᠤ ᠠᠵᠢᠯᠯᠠᠭ᠎ᠠ︾ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2022/6/24
      5 ᠰᠠᠷ᠎ᠠ ᠶᠢᠨ 14᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ 2022 ᠣᠨ ᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠤᠯᠠᠭᠠᠨᠴᠠᠪ ᠬᠤᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠠᠬᠢᠨ ᠪᠠᠶᠢᠷᠢᠯᠠᠭᠤᠯᠵᠤ ᠂ ᠳᠠᠬᠢᠨ ᠳᠠᠶᠢᠴᠢᠯᠠᠵᠤ᠂ ᠳᠠᠬᠢᠨ ᠠᠬᠢᠭᠤᠯᠵᠤ᠂ ᠪᠥᠬᠦ  ᠲᠤᠭᠤᠷᠢᠭ ᠤᠨ ᠳᠡᠭᠡᠳᠦ ᠳᠣᠤᠷᠠᠳᠤ ᠱᠠᠲᠤ ᠶᠢ ᠪᠥᠬᠦ ᠬᠦᠴᠦᠨ ᠢᠶᠠᠷ ᠢᠶᠠᠨ ᠬᠥᠲᠥᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠲᠠᠨᠢᠯᠲᠠ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ᠂ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠶ ᠵᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠨᠠᠩ ᠶᠡᠭᠡ ᠡᠷᠴᠢᠮ᠂ ᠨᠠᠩ ᠲᠦᠷᠭᠡᠨ ᠠᠵᠢᠯᠯᠠᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠡᠯ᠎ᠡ ᠵᠦᠶᠯ ᠤᠨ ᠠᠵᠢᠯ ᠢ ᠰᠠᠶᠢᠲᠤᠷ ᠬᠢᠵᠦ᠂ ᠤᠯᠠᠭᠠᠨᠴᠠᠪ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠭᠠᠪᠰᠢᠭᠠᠶᠢᠯᠠᠨ᠂ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ᠃     ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ ᠬᠤᠷᠠᠯ ᠢ ᠡᠷᠭᠢᠯᠡᠪᠡ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠢᠤᠢ ᠯᠦᠩ᠂ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠢᠴᠢ  ᠲᠤᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ᠂  ᠲᠤᠭᠤᠷᠢᠭ ‍ᠤᠨ‌‍ᠰᠢᠭᠦᠬᠦ ᠬᠤᠷᠢᠶ᠎ᠠ ᠪᠠᠶᠢᠴᠠᠭᠠᠬᠤ ᠬᠤᠶᠠᠷ ᠳᠠᠷᠤᠭ᠎ᠠ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠡᠯ᠎ᠡ ᠲᠦᠷᠦᠯ ᠤᠨ ᠬᠢᠨᠠᠨ ᠦᠨᠡᠯᠡᠬᠦ ᠴᠡᠭ ᠤᠨ ᠨᠢᠭᠤᠴᠠ ᠰᠤᠷᠪᠤᠯᠵᠢᠯᠠᠭ᠎ᠠ ᠶᠢᠨ ᠸᠢᠳᠢᠣ᠋ ᠶᠢ ᠬᠠᠮᠲᠤᠪᠠᠷ ᠦᠵᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ 2022 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠬᠠᠨᠳᠤᠰᠢ᠂ ᠰᠢᠨ᠎ᠡ ᠱᠠᠭᠠᠷᠳᠠᠯᠭ᠎ᠠ᠂ ᠰᠢᠨ᠎ᠡ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠠᠵᠢᠯ ᠤᠨ ᠲᠤᠬᠠᠢ ᠨᠠᠷᠢᠨ ᠲᠣᠳᠣᠷᠬᠠᠶᠢᠯᠠᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃    ᠺᠠᠩ ᠬᠠᠶ ᠷᠦᠢ  ᠵᠢᠭᠠᠭᠰᠠᠨ ᠨᠢ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠳᠠᠭᠠᠭᠤᠯᠤᠭᠴᠢ ᠢᠨᠵᠧᠨᠧᠷᠢᠩ ᠪᠠ ᠴᠢᠬᠤᠯᠠ ᠭᠠᠷᠳᠠᠴᠠ ᠮᠥᠨ᠂ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠡᠬᠢᠯᠡᠭᠰᠡᠨ ᠠᠴᠠ ᠨᠠᠰᠢ᠂ ᠵᠢᠨᠢᠩ ᠲᠣᠭᠤᠷᠢᠭ ᠤᠨ ᠡᠯ᠎ᠡ ᠱᠠᠲᠤᠨ ᠤ ᠺᠠᠳ᠋ᠷ ᠤᠯᠠᠨ ᠲᠦᠮᠡᠨ ᠬᠦᠯᠢᠶᠡᠬᠦ ᠦᠭᠡᠢ ᠲᠦᠰᠢᠭᠯᠡᠬᠦ ᠦᠭᠡᠢ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠤᠲᠤ ᠶᠡᠭᠡ ᠬᠦᠴᠢᠷ ᠪᠡᠷᠬᠡᠰᠢᠶᠡᠯ ᠪᠠ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠵᠤ᠂ ᠬᠤᠳᠠ ᠶᠢᠨ ᠲᠦᠷᠢ ᠲᠥᠷᠬᠦ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ᠂ ᠬᠤᠳᠠ ᠶᠢᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠶᠡᠬᠡᠪᠡᠷ ᠳᠡᠭᠡᠭᠰᠢᠯᠡᠵᠡᠢ᠃ ᠭᠡᠪᠡᠴᠦ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠬᠤᠲᠠ ᠪᠠᠶᠢᠭᠤᠯᠬᠤ ᠠᠵᠢᠯ ᠳᠤ ᠣᠳᠣᠬᠠᠨ ᠳᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ᠂ ᠠᠵᠢᠯ ᠢ ᠳᠥᠯᠭᠢᠨ ᠠᠬᠢᠭᠤᠯᠬᠤ᠂ ᠡᠭᠦᠳᠦᠨ ᠪᠠᠶᠢᠭᠤᠯᠵᠤ ᠠᠷᠠᠳ ᠲᠤ ᠠᠰᠢᠭ ᠬᠦᠷᠲᠡᠭᠡᠬᠦ᠂ ᠤᠬᠠᠭᠤᠯᠤᠨ ᠳᠠᠶᠢᠴᠢᠯᠠᠬᠤ ᠲᠠᠯ᠎ᠠ ᠪᠠᠷ ᠮᠥᠨ ᠬᠦ ᠶᠡᠭᠡ ᠬᠦᠴᠦ ᠣᠷᠣᠭᠤᠯᠤᠨ ᠰᠢᠶᠳᠪᠦᠷᠢᠯᠡᠬᠦ ᠴᠢᠬᠤᠯᠠᠲᠠᠶ ᠪᠠᠶᠢᠬᠤ ᠶᠢ ᠴᠤ ᠣᠯᠵᠤ ᠬᠠᠷᠠᠬᠤ ᠬᠡᠷᠡᠭᠲᠡᠶ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠴᠤᠴᠠᠯᠲᠠ ᠦᠭᠡᠢ ᠤᠷᠤᠭᠰᠢᠯᠠᠬᠤ ᠣᠮᠤᠭ ᠵᠣᠷᠢᠭ᠂ ᠡᠴᠦᠰ ᠲᠤᠨᠢ ᠲᠤᠯᠲᠠᠯ᠎ᠠ ᠠᠳᠬᠤᠬᠤ ᠬᠠᠳᠠᠨ ᠵᠣᠷᠢᠭ᠂ ᠡᠷᠴᠢ ᠵᠣᠷᠢᠭ ᠢᠶᠠᠷ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠢᠳᠡᠭ ᠬᠢᠷᠢ ᠪᠦᠲᠦᠮᠵᠢ ᠪᠠᠷ ᠲᠤᠰ ᠡᠭᠡᠯᠵᠢ ᠶᠢᠨ ᠪᠣᠯᠪᠠᠰᠤᠨ ᠬᠤᠳᠠ ᠶᠢᠨ ᠰᠢᠯᠭᠠᠨ ᠦᠨᠡᠯᠡᠯᠲᠡ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠺᠠᠩ ᠬᠠᠶ ᠷᠦᠢ ᠴᠢᠬᠤᠯᠠᠴᠢᠯᠠᠭᠰᠠᠨ ᠨᠢ᠂ ᠡᠨᠡ ᠵᠢᠯ ᠪᠣᠯ ᠮᠠᠨ ᠤ ᠬᠤᠲᠠ ᠶᠢᠨ ᠰᠢᠨ᠎ᠡ ᠨᠢᠭᠡ ᠡᠭᠡᠯᠵᠢ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠦᠶᠡᠯᠡᠯ ᠤᠨ ᠬᠤᠭᠤᠴᠠᠭᠠᠨ ᠤ ᠬᠤᠶᠠᠳᠤᠭᠠᠷ ᠵᠢᠯ ᠮᠥᠨ᠂ ᠡᠭᠦᠳᠦᠨ ᠪᠠᠶᠢᠭᠤᠯᠬᠤ ᠠᠵᠢᠯ ︽ᠡᠬᠢᠯᠡᠵᠦ︾ ᠪᠠᠶᠢᠭᠰᠠᠨ ᠠᠴᠠ ᠪᠠᠨ ︽ᠲᠦᠷᠭᠡᠳᠬᠡᠬᠦ︾᠎ ᠳᠤ ᠰᠢᠯᠵᠢᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠢᠨᠢᠩ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠪᠦᠬᠦ ᠬᠤᠳᠠ ᠶᠢᠨ ︽ᠭᠤᠣᠯ ᠳᠠᠶᠢᠢᠨ ᠤ ᠲᠠᠯᠠᠪᠤᠷ︾᠎ ᠢ ᠡᠭᠦᠳᠦᠨ ᠪᠠᠶᠢᠭᠤᠯᠬᠤ᠂ ︽ᠭᠤᠣᠯ ᠰᠢᠯᠭᠠᠯᠲᠠ ᠶᠢᠨ ᠲᠠᠯᠠᠪᠤᠷ︾᠎ ᠢ ᠰᠢᠯᠭᠠᠨ ᠦᠨᠡᠯᠡᠬᠦ ᠳᠤ ᠬᠤᠳᠠ ᠶᠢ ᠡᠭᠦᠳᠦᠨ ᠪᠠᠶᠢᠭᠤᠯᠵᠤ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠳᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠣᠳᠣᠬᠠᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ ᠣᠳᠣᠬᠢ ᠪᠠᠶᠢᠳᠠᠯ ᠳᠤ ᠴᠢᠭᠯᠡᠭᠦᠯᠦᠨ ᠲᠤᠰᠬᠠᠶ ᠵᠢᠭᠰᠠᠭᠠᠨ ᠪᠠᠶᠢᠴᠠᠭᠠᠯᠲᠠ ᠬᠢᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠨᠠᠷᠢᠨ ᠲᠠᠩᠰᠠ ᠵᠢᠭᠰᠠᠭᠠᠵᠤ᠂ ᠬᠠᠷᠢᠭᠤᠴᠠᠯᠭ᠎ᠠ ᠶᠢ ᠲᠣᠳᠣᠷᠬᠠᠶ ᠢᠯᠭᠠᠨ᠂ ᠦᠶᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠲᠠᠯ᠎ᠠ ᠪᠠᠷ ᠳᠠᠬᠢᠨ ᠬᠦᠴᠦ ᠲᠠᠯᠪᠢᠬᠤ ᠪᠠᠷ ᠴᠢᠷᠮᠠᠶᠢᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠭᠦᠳᠦᠨ ᠪᠠᠶᠢᠭᠤᠯᠬᠤ ᠪᠠᠷᠢᠮᠵᠢᠶ᠎ᠠ ᠪᠠ ᠱᠠᠭᠠᠷᠳᠠᠯᠭ᠎ᠠ ᠶᠢ ᠴᠢᠩᠭ᠎ᠠ ᠬᠠᠷᠢᠴᠠᠭᠤᠯᠤᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠥᠯᠭᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠬᠤᠲᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠲᠠᠯ᠎ᠠ ᠪᠠᠷ ᠳᠠᠬᠢᠨᠲᠠ ᠬᠦᠴᠦ ᠲᠠᠯᠪᠢᠬᠤ ᠪᠠᠷ ᠴᠢᠷᠮᠠᠶᠢᠬᠤ ᠬᠡᠷᠡᠭᠲᠡᠶ᠃ ᠬᠠᠤᠯᠢ ᠶᠣᠰᠣᠭᠠᠷ ᠴᠢᠩᠭ᠎ᠠ ᠬᠠᠮᠢᠶᠠᠷᠤᠨ ᠬᠦᠨᠳᠦ ᠪᠠᠷ ᠲᠣᠷᠭᠠᠵᠤ᠂ ᠵᠠᠮ ᠬᠠᠷᠢᠯᠴᠠᠭᠠᠨ ᠤ ᠬᠠᠮᠤᠭ ᠤᠨ ᠴᠢᠩᠭ᠎ᠠ ᠵᠠᠬᠢᠷᠤᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠬᠤᠳᠠᠯᠳᠤᠭᠠᠨ ᠤ ᠲᠣᠭᠤᠷᠢᠭ᠂ ᠠᠭᠤᠳᠠᠮ ᠲᠠᠯᠠᠪᠠᠢ ᠶᠢᠨ ᠡᠷᠬᠢᠨ ᠲᠣᠭᠤᠷᠢᠨ᠂ ᠰᠤᠷᠭᠠᠭᠤᠯᠢ ᠶᠢᠨ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠡᠰᠡᠭ ᠤᠨ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠣᠭᠤᠳᠬᠤ ᠪᠠᠨ ᠴᠢᠩᠭᠠᠳᠬᠠᠵᠤ᠂ ᠶᠠᠪᠠᠭᠠᠨ ᠬᠥᠮᠦᠨ ᠪᠠ ᠡᠯ᠎ᠡ ᠲᠦᠷᠦᠯ ᠤᠨ ᠲᠡᠷᠭᠡ ᠬᠥᠰᠬᠡ ᠶᠢᠨ ᠤᠯᠠᠭᠠᠨ ᠳ᠋ᠧᠩ ᠠᠴᠠ ᠵᠥᠷᠢᠴᠡᠬᠦ ᠠᠵᠢᠯᠯᠠᠭ᠎ᠠ ᠶᠢ ᠬᠥᠮᠦᠵᠢᠭᠦᠯᠬᠦ᠂ ᠵᠠᠯᠠᠷᠠᠭᠤᠯᠬᠤ ᠪᠠ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠡᠮᠬᠢ ᠵᠢᠷᠤᠮ ᠢ ᠵᠢᠷᠤᠮᠵᠢᠭᠤᠯᠬᠤ ᠲᠠᠯ᠎ᠠ ᠪᠠᠷ ᠲᠠᠬᠢᠨ ᠬᠦᠴᠦ ᠲᠠᠯᠪᠢᠬᠤ ᠪᠠᠷ ᠴᠢᠷᠮᠠᠶᠢᠬᠤ ᠬᠡᠷᠡᠭᠲᠡᠶ᠃ ᠬᠦᠴᠢᠷ ᠠᠰᠠᠭᠤᠳᠠᠯ ᠢ ᠢᠯᠠᠨ ᠳᠠᠪᠠᠵᠤ᠂ ᠪᠣᠯᠪᠠᠰᠤᠨ ᠶᠣᠰᠣ ᠵᠢᠷᠤᠮ᠂ ᠪᠣᠯᠪᠠᠰᠤᠨ ᠵᠠᠮ ᠬᠠᠷᠢᠯᠴᠠᠭ᠎ᠠ᠂ ᠤᠯᠠᠨ ᠨᠡᠶᠢᠲᠡ ᠶᠢᠨ ᠡᠮᠬᠢ ᠳᠢᠭᠯᠢᠮ ᠵᠡᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠪᠣᠯᠪᠠᠰᠤᠨ ᠢᠶᠠᠷ ᠢᠳᠬᠠᠨ ᠰᠤᠷᠭᠠᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠲᠠᠬᠢᠨ ᠬᠦᠴᠦ ᠲᠠᠯᠪᠢᠬᠤ ᠪᠠᠷ ᠴᠢᠷᠮᠠᠶᠢᠬᠤ ᠬᠡᠷᠡᠭᠲᠡᠢ᠃ ᠨᠠᠷᠢᠯᠢᠭ ᠪᠥᠭᠡᠳ ᠵᠢᠷᠤᠮᠵᠢᠯ ᠲᠠᠢ ᠪᠠᠶᠢᠬᠤ ᠪᠠᠷ ᠴᠢᠷᠮᠠᠶᠢᠵᠤ᠂ ᠮᠠᠲ᠋ᠧᠷᠢᠶᠠᠯ ᠪᠡᠯᠡᠳᠬᠡᠬᠦ ᠳᠤ ︽ᠪᠥᠬᠦ ᠲᠠᠯ᠎ᠠ ᠪᠠᠷ ᠰᠢᠰᠲ᠋ᠧᠮ ᠲᠠᠢ᠂ ᠣᠨᠣᠪᠴᠢᠲᠠᠶ ᠪᠥᠭᠡᠳ ᠬᠦᠴᠦᠨ ᠲᠠᠢ᠂ ᠵᠢᠷᠤᠮᠵᠢᠯ ᠲᠠᠢ ᠪᠥᠭᠡᠳ ᠲᠣᠪᠴᠢ ᠠᠪᠰᠠᠷᠬᠠᠨ︾ ᠪᠠᠶᠢᠬᠤ ᠵᠠᠷᠴᠢᠮ ᠶᠣᠰᠣᠭᠠᠷ᠂ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠬᠤ ᠪᠠᠷᠢᠮᠵᠢᠶ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠲᠠᠢ ᠨᠢᠭᠲᠠ ᠤᠶᠠᠯᠳᠤᠭᠤᠯᠤᠨ᠂ ᠮᠠᠲ᠋ᠧᠷᠢᠶᠠᠯ ᠴᠤᠭᠯᠠᠭᠤᠯᠬᠤ ᠶᠢᠨ ᠵᠢᠷᠤᠮᠵᠢᠯᠳᠤ ᠴᠢᠨᠠᠷ᠂ ᠪᠦᠷᠢᠨ ᠪᠦᠲᠦᠨ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠴᠢᠬᠤᠯᠠᠴᠢᠯᠠᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠬᠦ ᠳᠡᠭᠡᠷ᠎ᠡ ᠳᠠᠬᠢᠨ ᠬᠦᠴᠦ ᠲᠠᠯᠪᠢᠬᠤ ᠪᠠᠷ ᠴᠢᠷᠮᠠᠶᠢᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠶᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠡᠭᠦᠳᠦᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨ ᠬᠦ ᠨᠢᠭᠲᠠᠷᠠᠭᠤᠯᠬᠤ ᠬᠡᠷᠡᠭᠲᠡᠶ᠃      ᠺᠠᠩ ᠬᠠᠶ ᠷᠦᠢ ᠱᠠᠭᠠᠷᠳᠠᠭᠰᠠᠨ ᠨᠢ᠂ ᠪᠦᠬᠦ  ᠲᠤᠭᠤᠷᠢᠭ ᠢᠶᠠᠷ ᠢᠶᠠᠨ ᠦᠷᠭᠦᠯᠵᠢᠯᠡᠨ ᠰᠢᠨᠲᠠᠷᠠᠰᠢ ᠦᠭᠡᠶ ᠡᠭᠦᠳᠦᠨ ᠪᠠᠶᠢᠭᠤᠯᠬᠤ ᠬᠠᠯᠠᠭᠤᠨ ᠰᠡᠳᠬᠢᠯᠭᠡ ᠪᠠᠨ ᠪᠠᠷᠢᠮᠲᠠᠯᠠᠵᠤ᠂ ᠨᠡᠩ ᠢᠳᠡᠪᠬᠢᠲᠡᠢ᠂ ᠯᠠᠪᠳᠠᠭᠤᠨ ᠪᠠᠲᠤᠲᠠᠢ᠂ ᠨᠠᠷᠢᠨ ᠬᠢᠨᠠᠮᠠᠭᠠᠢ᠂ ᠬᠠᠷᠢᠭᠤᠴᠠᠯᠭ᠎ᠠ ᠲᠠᠢ ᠠᠵᠢᠯᠯᠠᠭ᠎ᠠ ᠪᠠᠷ ᠴᠠᠭ ᠬᠤᠭᠤᠴᠠᠭ᠎ᠠ᠂ ᠬᠥᠮᠦᠨ ᠤ ᠬᠦᠴᠦᠨ ᠪᠠ ᠡᠳ᠋ ᠤᠨ ᠬᠦᠴᠦᠨ ᠢ ᠲᠥᠪᠯᠡᠷᠡᠭᠦᠯᠦᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠲᠠᠯ᠎ᠠ ᠪᠠᠷ ᠳᠡᠭᠡᠭᠰᠢᠯᠡᠭᠦᠯᠬᠦ ᠶᠢ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠯ᠎ᠠ ᠪᠠᠷ ᠤᠶᠠᠯᠳᠤᠭᠤᠯᠬᠤ ᠶᠢ ᠠᠳᠬᠤᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠠᠳᠬᠤᠵᠤ᠂ ᠰᠢᠯᠭᠠᠨ ᠦᠨᠡᠯᠡᠬᠦ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︕    
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2