ᠺᠠᠩ ᠬᠠᠶ ᠷᠦᠢ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/24
     5 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠡᠰᠡᠭ ᠠᠵᠤ ᠠᠬᠤᠶᠢᠯᠠᠯ ᠳᠤ ᠬᠦᠷᠴᠦ᠂ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃    ︽ᠣᠳᠣᠬᠠᠨ ᠳᠤ ᠠᠵᠤ ᠠᠬᠤᠶᠢᠯᠠᠯ ᠤᠨ ᠦᠷ᠎ᠡ ᠠᠰᠢᠭ ᠬᠢᠷᠢ ᠵᠡᠷᠭᠡ ᠪᠠᠶᠢᠬᠤ᠂ ᠦᠢᠯᠡᠳᠬᠦᠨ ᠤ ᠥᠷᠲᠡᠭ ᠨᠢ ᠬᠡᠳᠦᠶ ᠪᠠᠶᠢᠬᠤ ᠪᠤᠶ ︖᡼︾ ︽ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠶᠠᠮᠠᠷ ᠬᠦᠴᠢᠷᠳᠡᠯ ᠪᠠᠶᠢᠬᠤ ᠪᠤᠢ︖︾ ᠥᠪᠥᠷ ᠮᠣᠩᠭᠤᠯ ᠤᠨ ᠮᠢᠩ ᠶᠠᠩ ᠰᠢᠨ᠎ᠡ ᠡᠨᠧᠷᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ  ᠮᠦᠸᠧ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠰᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠺᠠᠩ ᠬᠠᠢ ᠷᠦᠢ ᠦᠢᠯᠡᠳᠪᠦᠷᠢ ᠶᠢᠨ ᠲᠠᠰᠤᠭ ᠲᠤ ᠬᠦᠷᠴᠦ᠂ ᠦᠢᠯᠡᠳᠪᠦᠷᠢᠯᠡᠯ ᠢ ᠦᠵᠡᠵᠦ᠂ ᠦᠷ᠎ᠡ ᠠᠰᠢᠭ ᠢ ᠠᠰᠠᠭᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ᠂ ᠦᠢᠯᠡᠳᠬᠦᠨ ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠢ ᠨᠡᠭᠡᠭᠡᠬᠦ᠂ ᠬᠥᠭᠵᠢᠯᠲᠡ ᠶᠢᠨ ᠢᠷᠡᠭᠡᠳᠦᠢ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠵᠤ ᠠᠬᠤᠶᠢᠯᠠᠯ ᠤᠨ ᠤᠯᠠᠮ ᠴᠢᠨᠠᠭᠰᠢᠳᠠ ᠬᠥᠭᠵᠢᠨ ᠪᠤᠵᠠᠭᠠᠶᠢᠢᠷᠠᠬᠤ ᠳᠤ ᠠᠷᠭ᠎ᠠ ᠤᠬᠠᠭᠠᠨ ᠭᠠᠷᠭᠠᠵᠤ ᠥᠭᠴᠡᠢ᠃      ᠺᠠᠩ ᠬᠠᠶ ᠷᠦᠢ  ᠵᠢᠭᠠᠭᠰᠠᠨ ᠨᠢ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠲᠠᠯᠠᠪᠤᠷ ᠤᠨ ᠬᠡᠷᠡᠭᠯᠡᠭᠡ ᠮᠠᠰᠢ ᠥᠷᠭᠡᠨ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠬᠥᠭᠵᠢᠭᠦᠯᠬᠦ ᠶᠡᠭᠡ ᠦᠢᠯᠡᠰ ᠢ ᠪᠦᠲᠦᠭᠡᠵᠦ ᠪᠣᠯᠤᠨ᠎ᠠ᠂ ᠣᠳᠣᠬᠠᠨ ᠳᠤ ᠮᠠᠨ ᠤ  ᠲᠤᠭᠤᠷᠢᠭ ᠲᠤ ᠡᠷᠦᠬᠡ ᠠᠮᠠ ᠤᠷᠤᠭᠰᠠᠨ ᠰᠢᠨ᠎ᠡ ᠡᠨᠧᠷᠭᠢ ᠶᠢᠨ ᠠᠵᠤ ᠦᠶᠯᠡᠰ ᠲᠤ ᠤᠯᠤᠰ ᠤᠨ ᠠᠵᠤ ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠠᠵᠤ ᠦᠶᠯᠡᠰ ᠤᠨ ᠬᠡᠯᠬᠢᠶ᠎ᠡ ᠶᠢᠨ ᠤᠷᠲᠤᠳᠬᠠᠯ ᠢ ᠲᠦᠷᠭᠡᠳᠬᠡᠵᠦ᠂ ᠰᠤᠳᠤᠯᠤᠨ ᠨᠡᠭᠡᠭᠡᠬᠦ᠂ ᠴᠢᠳᠬᠤᠬᠤ᠂ ᠦᠶᠯᠡᠳᠪᠦᠷᠢᠯᠡᠬᠦ᠂ ᠡᠳ᠋ᠰᠢᠭᠦᠯᠬᠦ ᠵᠡᠷᠭᠡ ᠳᠡᠭᠡᠳᠦ ᠳᠣᠤᠷᠠᠳᠤ ᠤᠷᠤᠰᠬᠠᠯ ᠤᠨ ᠠᠵᠤ ᠦᠶᠯᠡᠰ ᠢ ᠲᠥᠷᠥᠯ ᠵᠦᠶᠯ ᠤᠨ ᠪᠠᠶᠢᠭ᠎ᠠ ᠭᠠᠵᠠᠷ ᠲᠤ ᠬᠡᠯᠬᠢᠶ᠎ᠡ ᠮᠠᠶ᠋ᠢᠭ ᠤᠨ᠂ ᠡᠷᠴᠢᠮᠵᠢᠭᠦᠯᠦᠭᠰᠡᠨ ᠮᠠᠶ᠋ᠢᠭ ᠤᠨ᠂ ᠰᠢᠰᠲ᠋ᠧᠮᠵᠢᠭᠦᠯᠦᠭᠰᠡᠨ ᠮᠠᠶ᠋ᠢᠭ ᠤᠨ ᠬᠥᠭᠵᠢᠯᠲᠡ ᠶᠢ ᠴᠢᠷᠮᠠᠶᠢᠨ ᠬᠢᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ ᠠᠵᠤ ᠠᠬᠤᠶᠢᠯᠠᠯ ᠤᠨ ᠪᠥᠬᠦ ᠬᠡᠯᠬᠢᠶ᠎ᠡ ᠶᠢᠨ ᠨᠠᠷᠠᠲᠤ ᠲᠡᠮᠳᠡᠭᠲᠦ ᠶᠢ ᠪᠣᠶ ᠪᠣᠯᠭᠠᠬᠤ ᠬᠡᠷᠡᠭᠲᠡᠶ᠃ ᠠᠵᠤ ᠠᠬᠤᠶᠢᠯᠠᠯ ᠤᠨ ᠭᠠᠵᠠᠷ ᠰᠢᠷᠣᠶ ᠶᠢᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠪᠠᠷ ᠳᠠᠮᠵᠢᠭᠤᠯᠤᠨ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠪᠠᠨ ᠥᠷᠭᠡᠳᠬᠡᠬᠦ ᠵᠢᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠴᠢᠨᠠᠷ ᠰᠠᠶᠢᠲᠠᠢ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ᠺᠠᠩ ᠬᠠᠶ ᠷᠦᠢ ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠬᠥᠭᠵᠢᠪᠡᠯ ᠠᠵᠤ ᠠᠬᠤᠶ ᠬᠥᠭᠵᠢᠵᠦ᠂ ᠠᠵᠤ ᠠᠬᠤᠶᠢᠯᠠᠯ ᠬᠦᠴᠦᠷᠬᠡᠭᠵᠢᠪᠡᠯ ᠠᠵᠤ ᠠᠬᠤᠶ ᠬᠦᠴᠦᠷᠬᠡᠭᠵᠢᠨ᠎ᠡ᠃ ᠵᠢᠨᠢᠩ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠵᠠᠩᠭᠢᠯᠠᠭ᠎ᠠ ᠨᠢ ᠠᠵᠤ ᠠᠬᠤᠶᠢᠯᠠᠯ ᠪᠣᠯᠤᠨ ᠠᠵᠤ ᠦᠢᠯᠡᠰ ᠤᠨ ᠬᠥᠭᠵᠢᠨ ᠪᠤᠵᠠᠭᠠᠶᠢᠢᠷᠠᠬᠤ ᠳᠤ ᠲᠦᠰᠢᠭᠯᠡᠨ᠎ᠡ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ ᠠᠰᠠᠭᠤᠳᠠᠯ ᠢ ᠡᠮᠬᠢᠯᠡᠨ ᠳ᠋ᠦᠩᠨᠡᠵᠦ᠂ ᠵᠤᠷᠪᠤᠰ ᠳᠠᠷᠠᠭᠠᠯᠠᠨ ᠰᠤᠳᠤᠯᠤᠨ ᠵᠠᠳᠠᠯᠵᠤ᠂ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠴᠤ ᠪᠠᠶᠢᠭᠠᠳ ᠬᠦᠴᠢᠷᠳᠡᠯ ᠢ ᠨᠢ ᠰᠢᠢᠳᠪᠦᠷᠢᠯᠡᠵᠦ᠂ ᠬᠥᠭᠵᠢᠯᠲᠡ ᠶᠢ ᠨᠢ ᠲᠦᠷᠭᠡᠳᠬᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ︾ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠂ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃     ᠲᠣᠭᠤᠷᠢᠭ ᠤᠨ ᠤᠳᠤᠷᠢᠳᠤᠯᠭ᠎ᠠ ᠭᠦᠸᠧ ᠬᠤᠩ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2