ᠺᠠᠩ ᠬᠠᠶ ᠷᠦᠢ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/24
     5 ᠰᠠᠷ᠎ᠠ ᠶᠢᠨ 22᠎ ᠤᠨ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ︽ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠵᠤ᠂ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠣᠬᠢᠷ ᠤᠰᠤ ᠶᠢ ᠰᠢᠶᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠦᠨᠡᠨ ᠪᠣᠳᠠᠲᠠᠶ ᠠᠵᠢᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃       ᠺᠠᠩ ᠬᠠᠶ ᠷᠦᠢ ᠤᠷᠢᠳ ᠬᠤᠵᠢᠳ ᠪᠠᠶ ᠬᠠᠶ ᠽᠢ ᠪᠠᠯᠭᠠᠰᠤᠨ ᠤ ᠱᠧᠩ ᠵᠢᠶᠠ ᠶᠢᠩ ᠲᠣᠰᠬᠤᠨ ᠪᠠ ᠮᠠ ᠯᠢᠶᠠᠨ ᠴᠢᠦᠶ ᠰᠢᠶᠠᠩ ᠤᠨ ᠶᠡᠭᠡ ᠠᠷᠪᠠᠳᠤᠭᠠᠷ ᠲᠣᠰᠬᠤᠨ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠪᠠ ᠠᠶᠢᠯᠴᠢᠯᠠᠨ ᠰᠤᠷᠪᠤᠯᠵᠢᠯᠠᠬᠤ ᠪᠠᠷ ᠳᠡᠮᠵᠢᠨ᠂ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠮᠡᠷᠭᠡᠵᠢᠯ ᠤᠷᠠᠯᠠᠯ ᠵᠢᠴᠢ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠣᠳᠣᠬᠠᠨ ᠤ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠲᠥᠷᠥᠯ ᠵᠦᠶᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠰᠢᠶᠳᠪᠦᠷᠢᠯᠡᠬᠦ ᠰᠠᠨᠠᠯ ᠢᠶᠠᠨ ᠳᠤᠷᠠᠳᠤᠭᠰᠠᠨ ᠪᠠᠶᠢᠨ᠎ᠠ᠃     ᠺᠠᠩ ᠬᠠᠶ ᠷᠦᠢ ᠵᠢᠭᠠᠭᠰᠠᠨ ᠨᠢ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠲᠣᠪᠤᠶᠢᠮ᠎ᠠ ᠳᠤᠲᠠᠭᠤᠳᠠᠯ ᠮᠥᠨ᠂ ᠮᠥᠨ ᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠠᠰᠠᠬᠤ ᠵᠠᠭᠪᠤᠷ ᠢ ᠬᠡᠷᠡᠭᠯᠡᠵᠦ᠂ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ︾ ᠵᠠᠷᠴᠢᠮ ᠢ ᠪᠠᠷᠢᠮᠲᠠᠯᠠᠨ᠂ ᠵᠠᠰᠠᠬᠤ ᠵᠠᠭᠪᠤᠷ ᠪᠠ ᠰᠢᠶᠳᠪᠦᠷᠢᠯᠡᠬᠦ ᠤᠷᠠᠯᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠬᠥᠳᠡᠭᠡ ᠲᠣᠰᠬᠤᠨ ᠤ ᠤᠰᠤᠨ ᠤ ᠣᠷᠴᠢᠨ ᠠᠬᠤᠶ ᠶᠢ ᠰᠠᠶᠢᠵᠢᠷᠠᠭᠤᠯᠬᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠢᠨᠵᠧᠨᠧᠷᠢᠩ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠠᠪᠤᠳᠠᠯ ᠢ ᠦᠨᠡᠨ ᠬᠦ ᠠᠷᠠᠳ ᠤᠨ ᠲᠥᠯᠥᠭᠡ ᠵᠢᠳᠬᠦᠬᠦ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠭᠠᠬᠤ ᠬᠡᠷᠡᠭᠲᠡᠶ᠃     ᠺᠠᠩ ᠬᠠᠶ ᠷᠦᠢ ᠴᠢᠬᠤᠯᠠᠴᠢᠯᠠᠬᠤ ᠳᠠᠭᠠᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ᠂ ᠴᠠᠭ ᠬᠤᠭᠤᠴᠠᠭ᠎ᠠ ᠶᠢᠨ ᠬᠢᠵᠠᠭᠠᠷ ᠶᠣᠰᠣᠭᠠᠷ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠲᠥᠬᠦᠭᠡᠷᠦᠮᠵᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠬᠡᠷᠡᠭᠯᠡᠬᠦ ᠪᠠᠷ ᠦᠨᠳᠦᠰᠦ ᠪᠣᠯᠭᠠᠬᠤ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠠᠮᠢᠶᠠᠷᠤᠯᠲᠠ ᠶᠢᠨ ᠲᠣᠭᠲᠠᠴᠠ᠂ ᠣᠷᠣᠭᠤᠯᠤᠯᠲᠠ ᠶᠢᠨ ᠲᠣᠭᠲᠠᠴᠠ ᠪᠠ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠡᠷᠭᠡ ᠪᠠᠷ ᠵᠢᠷᠤᠵᠤ ᠲᠥᠯᠥᠪᠯᠡᠬᠦ᠂ ᠵᠡᠷᠭᠡ ᠪᠠᠷ ᠪᠦᠳᠦᠭᠡᠨ ᠪᠠᠶᠢᠭᠤᠯᠬᠤ᠂ ᠵᠡᠷᠭᠡ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠵᠠᠰᠠᠬᠤ ᠵᠦᠢᠯᠡᠰ ᠤᠨ ᠦᠷ᠎ᠡ ᠠᠰᠢᠭ ᠢ ᠦᠨᠡᠨ ᠬᠦ ᠰᠠᠶᠢᠲᠤᠷ ᠪᠠᠳᠠᠷᠠᠭᠤᠯᠵᠤ᠂ ᠲᠤᠨᠤᠭ ᠲᠥᠬᠦᠭᠡᠷᠦᠮᠵᠢ ᠶᠢᠨ ᠤᠷ᠎ᠠ ᠮᠡᠷᠭᠡᠰᠢᠯ ᠤᠨ ᠬᠡᠷᠡᠭᠯᠡᠯᠲᠡ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠬᠥᠮᠦᠵᠢᠯ ᠤᠬᠠᠭᠤᠯᠭ᠎ᠠ ᠶᠢ ᠴᠢᠩᠭᠠᠳᠬᠠᠨ᠂ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠢ ᠢᠳᠡᠪᠬᠢᠲᠡᠶ ᠪᠠᠷ ᠲᠠᠶᠢᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠳᠤ ᠣᠷᠣᠯᠴᠠᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠶᠢ ᠰᠠᠨᠠᠭᠠᠴᠢᠯᠠᠵᠤ᠂ ᠲᠠᠷᠢᠶᠠᠴᠢᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠰᠤ ᠬᠡᠷᠡᠭᠯᠡᠬᠦ ᠰᠠᠶᠢᠢᠨ ᠰᠠᠶᠢᠬᠠᠨ ᠳᠠᠳᠬᠠᠯ ᠲᠠᠢ ᠪᠣᠯᠭᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠢᠶᠠᠨ ᠠᠰᠬᠠᠵᠤ ᠬᠠᠶᠠᠬᠤ ᠦᠵᠡᠭᠳᠡᠯ ᠢ ᠡᠬᠢ ᠰᠤᠷᠪᠤᠯᠵᠢ ᠠᠴᠠ ᠨᠢ ᠪᠠᠭᠠᠰᠬᠠᠬᠤ ᠬᠡᠷᠡᠭᠲᠡᠶ᠃     ᠲᠤᠭᠤᠷᠢᠭ ᠤᠨ ᠤᠳᠤᠷᠢᠳᠤᠯᠭ᠎ᠠ ᠾᠧ ᠷᠦᠨ ᠭᠧᠨ᠂ ᠭᠦᠸᠧ ᠬᠤᠩ ᠭᠤᠸᠠᠩ ᠵᠢᠴᠢ  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2