ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ  ᠲᠥᠰᠦᠯ  ᠎ ᠢ  ᠡᠬᠢᠯᠡᠬᠦᠯᠪᠡ
ᠨᠡᠶᠢᠲᠡᠯᠡᠭᠰᠡᠨ ᠴᠠᠭ᠄
2022/7/13
       ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ  ᠵᠢᠯᠣᠭᠤᠳᠬᠤ ᠭᠠᠵᠠᠷ ᠠᠴᠠ ᠣᠶᠢᠯᠠᠭᠠᠭᠰᠠᠨ ᠢᠶᠠᠷ᠂ 7 ᠳ᠋ᠣᠭᠠᠷ ᠰᠠᠷ᠎ᠠ ᠶᠢᠨ 10᠎ ᠤ ᠡᠳᠦᠷ ᠠᠴᠠ 13᠎ ᠤ ᠡᠳᠦᠷ ᠪᠣᠯᠲᠠᠯ᠎ᠠ᠂ ᠮᠠᠨ ᠤ ᠣᠷᠣᠨ ‍ᠤ‌ᠵᠡᠭᠦᠨ ᠪᠡᠶ᠎ᠡ ᠶᠢᠨ ᠬᠡᠰᠡᠭ ᠭᠠᠵᠠᠷ ᠣᠷᠣᠨ᠂ ᠪᠣᠷᠣᠲᠣᠬᠤᠶ ᠶᠢᠨ ᠣᠷᠣᠨ ᠳᠤ ᠰᠢᠷᠤᠬᠦᠨ ᠪᠣᠷᠣᠭᠠᠨ ᠲᠠᠢ᠃  ᠲᠣᠰ  ᠤᠳᠠᠭᠠᠨ ‍ᠤ‌ᠬᠤᠷ᠎ᠠ ᠲᠣᠨᠳᠠᠰᠣ ᠪᠠᠭᠤᠬᠤ ᠶᠠᠪᠤᠴᠠ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ  ᠭᠠᠩ ᠲᠠᠢ‌‍ᠲ᠋ᠡᠮᠡᠴᠡᠬᠦ ᠵᠢᠯᠣᠭᠤᠳᠬᠤ ᠭᠠᠵᠠᠷ ᠤᠨ ᠎ ᠬᠢᠨ ᠡᠯ᠎ᠡ ᠲᠠᠯ᠎ᠠ ᠎ ᠶᠢᠨ ᠎ ᠬᠢᠨ ᠲᠠᠢ ᠵᠥᠪᠳᠡᠯᠴᠡᠨ ᠰᠤᠳᠤᠯᠵᠤ ᠮᠠᠭᠠᠳᠯᠠᠭᠠᠳ᠂  2022ᠣᠨ ᠤ 7 ᠳ᠋ᠣᠭᠠᠷ ᠰᠠᠷ᠎ᠠ ᠶᠢᠨ 10᠎ ᠤ ᠡᠳᠦᠷ ᠤᠨ 22 ᠴᠠᠭ ᠠᠴᠠ ᠡᠬᠢᠯᠡᠨ  ᠥᠪᠡᠷᠲᠡᠭᠡᠨ  ᠵᠠᠰᠠᠬᠤ  ᠣᠷᠣᠨ ᠤ  ᠦᠶᠡᠷ ᠢ‌‍ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠡ ᠬᠡᠷᠡᠭᠵᠢᠬᠦᠯᠬᠦ ᠪᠠᠷ ᠲᠣᠭᠲᠠᠪᠠ᠃               ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠠᠮᠠᠴᠡᠬᠦ ᠵᠢᠯᠤᠭᠤᠳᠬᠤ ᠭᠠᠵᠠᠷ ᠠᠴᠠ ᠱᠡᠭᠠᠷᠳᠡᠬᠤ ᠳᠠᠭᠠᠨ᠂ ᠪᠥᠬᠦ ᠣᠷᠣᠨ ᠤ ᠡᠯ᠎ᠡ ᠭᠠᠵᠠᠷ ᠤᠨ ᠎ ᠬᠢᠨ  ᠦᠶᠡᠷ ᠎ ᠢ  ᠰᠡᠷᠭᠡᠶᠢᠯᠡᠬᠦ  ᠠᠵᠢᠯ ᠎ ᠢ  ᠴᠢᠩᠭ᠎ᠠ ᠠᠳᠬᠤᠵᠤ᠂  ᠬᠠᠷᠢᠭᠤᠴᠠᠯᠭ᠎ᠠ ᠪᠠᠨ  ᠪᠣᠳᠠᠲᠠᠶᠢᠵᠢᠭᠤᠯᠵᠤ᠂  ᠴᠢᠬᠤᠯᠠᠲᠠᠢ  ᠦᠶ᠎ᠡ ᠳᠤ  ᠡᠯ᠎ᠡ  ᠱᠠᠲᠤᠨ ᠤ   ᠬᠠᠷᠢᠭᠤᠴᠠᠯᠭᠠᠲᠠᠨ‌ᠨᠢᠭᠡᠳᠦᠭᠡᠷ ᠹᠷᠣᠨᠲ ᠲᠤ ᠬᠦᠷᠴᠤ ᠵᠢᠭᠠᠨ ᠵᠢᠯᠤᠭᠤᠳᠴᠤ᠂ ᠦᠶᠡᠷ ᠢ ᠰᠡᠷᠭᠡᠶᠢᠯᠡᠬᠦ ᠬᠤᠭᠤᠴᠡᠭᠠᠠ ᠤ ᠠᠮᠤᠷ ᠲᠦᠪᠰᠢᠨ ᠢ ᠦᠨᠡᠨᠬᠦ‌‍ᠪᠠᠲᠤᠯᠠᠬᠤ ᠬᠡᠷᠡᠭᠲᠡᠢ᠃ ᠪᠠᠰᠠ ᠲᠣᠰ ᠡᠭᠡᠯᠵᠢ ᠶᠢᠨ ᠰᠢᠷᠦᠭᠦᠨ  ᠪᠣᠷᠣᠭᠠᠨ ᠤ  ᠶᠠᠪᠤᠴᠠ ᠶᠢ  ᠨᠢᠭᠲᠠ  ᠠᠩᠬᠠᠷᠴᠤ᠂  ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠤᠷᠢᠳᠴᠢᠯᠠᠭᠰᠠᠨ ᠮᠡᠳᠡᠭᠡ ᠨᠡᠶᠢᠳᠡᠯᠡᠬᠦ ᠶᠢ ᠴᠢᠩᠭᠠᠳᠬᠠᠨ᠂ ᠰᠡᠷᠡᠮᠵᠢᠯᠡᠭᠦᠯᠬᠦ ᠮᠡᠳᠡᠭᠡ  ᠵᠠᠩᠭᠢ ᠵᠢ‌‍ᠴᠠᠭ ᠲᠤᠬᠠᠢ ᠎ ᠳᠤᠨᠢ ᠨᠡᠶᠢᠲᠡᠯᠡᠵᠦ᠂ ᠰᠢᠷᠦᠭᠦᠨ ᠪᠣᠷᠣᠭᠠᠨ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ  ᠬᠢᠬᠦ  ᠬᠡᠷᠡᠭᠲᠡᠢ᠃ᠡᠭᠦᠨ ᠠᠴᠠ ᠭᠠᠳᠠᠨ᠎ᠠ᠂ ᠰᠢᠷᠦᠭᠦᠨ ᠪᠣᠷᠣᠭᠠᠨ ᠠᠴᠠ ᠪᠣᠯᠵᠤ ᠡᠬᠦᠰᠴᠤ ᠮᠡᠳᠡᠬᠦ  ᠠᠭᠤᠯᠠᠨ  ᠦᠶᠡᠷ ᠤᠨ  ᠭᠠᠮᠰᠢᠭ ᠎ ᠢ  ᠳᠡᠭᠡᠳᠦ‌‍ᠬᠡᠮᠵᠢᠶ᠎ᠡ ᠪᠠᠷ ᠰᠡᠷᠡᠮᠵᠢᠯᠡᠵᠦ᠂ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ  ᠰᠢᠰᠲ᠋ᠧᠮ  ᠢ‌‍ᠰᠠᠶᠢᠲᠤᠷ ᠠᠰᠢᠭᠯᠠᠨ᠂ ᠴᠠᠭ ᠲᠤᠬᠠᠢ ᠎ ᠳᠤᠨᠢ  ᠤᠷᠢᠳᠴᠢᠯᠠᠨ  ᠰᠡᠷᠡᠮᠵᠢᠯᠡᠭᠦᠯᠵᠦ᠂  ᠬᠦᠮᠤᠰ ᠎ ᠢ  ᠰᠢᠯᠵᠢᠭᠦᠯᠵᠦ  ᠠᠶᠤᠯ  ᠡᠴᠠ‌ᠵᠠᠶᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ ᠡᠯ᠎ᠡ  ᠭᠠᠵᠠᠷ  ᠡᠯ᠎ᠡ  ᠬᠤᠯᠪᠣᠭᠳᠠᠯ  ᠪᠦᠬᠦᠢ  ᠰᠠᠯᠠᠭ᠎ᠠ‌ᠮᠥ᠋ᠴᠢᠷ ᠤᠳ ᠡᠷᠬᠡᠪᠰᠢ ᠤᠳᠤᠷᠢᠳᠤᠯᠭ᠎ᠠ  ᠵᠢᠵᠢᠬᠦᠷᠯᠡᠬᠦ  ᠪᠠ  24  ᠴᠠᠭ ᠢᠶᠠᠷ  ᠵᠢᠵᠢᠭᠦᠷᠯᠡᠨ  ᠰᠠᠬᠢᠬᠤ  ᠳᠦᠷᠢᠮ ᠢ  ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠶᠢ ᠴᠢᠩᠭᠠᠳᠬᠠᠨ᠂ ᠨᠡᠯᠢᠶᠡᠳ ᠶᠡᠭᠡ ᠠᠶᠤᠯ ᠭᠠᠮᠰᠢᠭ ᠤᠨ  ᠪᠠᠶᠢᠳᠠᠯ ᠭᠠᠷᠬᠤ ᠪᠤᠶᠤ ᠬᠥᠮᠥᠨ ᠬᠠᠷ᠎ᠠ ᠠᠳᠡᠵᠤ ᠰᠢᠷᠬᠠᠲᠤᠬᠤ ᠠᠶᠤᠯ ᠡᠬᠦᠰᠪᠡᠯ ᠬᠠᠮᠤᠭ ᠤᠷᠢᠳᠡᠪᠡᠷ ᠮᠡᠳᠡᠭᠦᠯᠬᠦ ᠬᠡᠷᠡᠭᠲᠡᠢ ᠬᠡᠵᠡᠢ᠃                                    ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2