ᠵᠢᠨᠢᠩ ᠲᠣᠭᠤᠷᠢᠭ ᠲᠤ 3 ᠡᠩ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ ᠥᠯᠢᠭᠡᠷ ᠠᠪᠬᠤ ᠴᠡᠭ ᠢ ᠰᠢᠨ᠎ᠡ ᠪᠠᠷ ᠨᠡᠮᠡᠭᠳᠡᠭᠦᠯᠵᠦ ᠬᠤᠲᠠ ᠶᠢᠨ ᠠᠷᠠᠳ ᠤᠨ ᠡᠳᠦᠷ ᠰᠥᠨᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠬᠡᠷᠡᠭᠴᠡᠭᠡ ᠶᠢ ᠬᠠᠩᠭᠠᠪᠠ
ᠨᠡᠶᠢᠲᠡᠯᠡᠭᠰᠡᠨ ᠴᠠᠭ᠄
2022/7/14
          ᠬᠤᠲᠠ ᠶᠢᠨ ᠠᠷᠠᠳ ᠤᠨ ᠣᠶᠢᠷ᠎ᠠ ᠬᠠᠪᠢ ᠳᠠᠭᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠡᠷᠡᠭᠴᠡᠭᠡ ᠶᠢ ᠲᠦᠷᠭᠡᠨ ᠪᠡᠶᠡᠯᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠣᠶᠢᠷ᠎ᠠ ᠳᠤ᠂ ᠵᠢᠨᠢᠩ ᠲᠣᠭᠤᠷᠢᠭ ᠲᠤ ᠪᠠᠰᠠ 3 ᠡᠩ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠢ ᠰᠢᠨ᠎ᠡ ᠪᠠᠷ ᠨᠡᠮᠡᠵᠦ᠂ ᠣᠲᠣ ᠪᠣᠯᠲᠠᠯ᠎ᠠ᠂ ᠵᠢᠨᠢᠩ ᠲᠣᠭᠤᠷᠢᠭ ᠤᠨ ᠡᠩ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠨᠡᠶᠢᠲᠡ 5 ᠪᠣᠯᠪᠠ᠃  ᠲᠣᠰ ᠲᠣᠰ᠄ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠰᠢᠨ᠎ᠡ ᠲᠣᠭᠤᠷᠢᠭ ᠤᠨ ᠪᠡᠶ᠎ᠡ ᠵᠢᠨ‌‍ᠲ᠋ᠠᠮᠢᠷ ᠤᠨ ᠣᠷᠳᠣᠨ ᠤ ᠪᠥᠭᠡᠮ ᠬᠦᠴᠢᠯ ᠤᠨ ᠥᠯᠢᠭᠡᠷ ᠠᠪᠬᠤ ᠴᠡᠭ᠂ ᠴᠢᠶᠣᠤ ᠰᠢ ᠶᠢᠨ ᠲᠦᠩ ᠵᠧᠤ ᠶᠢᠨ ᠵᠢᠵᠢᠭ ᠠᠭᠤᠳᠠᠮ ᠲᠠᠯᠠᠪᠠᠶ ᠶᠢᠨ ᠡᠮᠦᠨ᠎ᠡ ᠲᠠᠯ᠎ᠠ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ᠂ ᠲᠢᠶᠠᠨ ᠾᠧᠩ ᠠᠭᠤᠳᠠᠮ ᠲᠠᠯᠠᠪᠠᠶ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠪᠠ ᠪᠠᠶ ᠬᠠᠶ ᠽᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠪᠣᠯᠤᠨ᠎ᠠ᠃ ᠪᠥᠬᠦ ᠥᠯᠢᠭᠡᠷ ᠠᠪᠬᠤ ᠴᠡᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠦᠨ᠎ᠡ ᠬᠠᠩᠰᠢ ᠳᠤ ᠴᠥᠮ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠲᠣᠰ ᠲᠣᠰ ᠲᠠᠩ ᠢᠶᠠᠷ ᠪᠠᠶᠢᠴᠠᠭᠠᠬᠤ ᠳᠤ ᠬᠥᠮᠦᠨ ᠪᠦᠷᠢ 16 ᠲᠥᠭᠦᠷᠢᠭ᠂ ᠬᠤᠯᠢᠯᠳᠤᠭᠤᠯᠤᠨ ᠪᠠᠶᠢᠴᠠᠭᠠᠬᠤ ᠳᠤ ᠬᠥᠮᠦᠨ ᠪᠦᠷᠢ 3.4 ᠲᠥᠭᠦᠷᠢᠭ ᠪᠣᠯᠤᠨ᠎ᠠ᠃ ᠪᠥᠭᠡᠮ ᠬᠦᠴᠢᠯ ᠤᠨ ᠥᠯᠢᠭᠡᠷ ᠠᠪᠤᠭᠰᠠᠨ ᠤ ᠳᠠᠷᠠᠭ᠎ᠠ 6 ᠴᠠᠭ ᠠᠴᠠ 24 ᠴᠠᠭ ᠤᠨ ᠳᠣᠲᠣᠷ᠎ᠠ᠂ ᠬᠤᠲᠠ ᠶᠢᠨ ᠠᠷᠠᠳ ︽ᠮᠥᠩᠬᠡ ᠰᠤᠪᠠᠭ︾ APP ᠪᠤᠶᠤ ︽ ᠤᠯᠤᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾᠎ ᠤᠨ ᠵᠢᠵᠢᠭ ᠫᠷᠤᠭ᠍ᠷᠠᠮ ᠳᠤ ᠣᠷᠣᠵᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠵᠤ ᠪᠣᠯᠬᠤ ᠪᠥᠭᠡᠳ 2253042 ᠠᠰᠠᠭᠤᠨ ᠯᠠᠪᠯᠠᠬᠤ ᠤᠲᠠᠰᠤ ᠪᠠᠷ ᠠᠰᠠᠭᠤᠨ ᠯᠠᠪᠯᠠᠵᠤ ᠴᠤ ᠪᠣᠯᠤᠨ᠎ᠠ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2