ᠺᠠᠩ ᠬᠠᠶ ᠷᠦᠢ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/7/15
704470.jpg
     7 ᠰᠠᠷ᠎ᠠ ᠶᠢᠨ 13᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠣᠯᠪᠠᠰᠤᠨ ᠬᠤᠳᠠ ᠶᠢ ᠰᠢᠯᠭᠠᠨ ᠦᠨᠡᠯᠡᠬᠦ  ᠰᠢᠰᠲ᠋ᠧᠮ ᠢ ᠴᠢᠩᠭ᠎ᠠ ᠬᠠᠷᠭᠤᠭᠤᠯᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠲᠤᠳᠬᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠯᠢ ᠵᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠺᠠᠩ ᠬᠠᠶ ᠷᠦᠢ ᠤᠷᠢᠳ ᠬᠤᠵᠢᠳ ᠬᠤᠪᠢᠯᠭᠠᠨ ᠣᠩᠭᠤᠴᠠ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂  ᠸᠧᠨᠵᠸᠦ  ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠵᠥᠩ ᠯᠢᠶᠠᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡᠨ ᠤ ᠬᠤᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠢᠴᠢ ᠢ ᠯᠢ ᠳᠣᠷᠣᠨᠠᠳᠠᠬᠢᠨ ᠤ ᠰᠤᠷᠭᠠᠭᠤᠯᠢ ᠶᠢᠨ ᠴᠠᠩ ᠴᠢᠩ ᠰᠤᠷᠭᠠᠭᠤᠯᠢ ᠶᠢᠨ ᠲᠣᠭᠤᠷᠢᠭ ᠵᠡᠷᠭᠡ ᠭᠠᠵᠠᠷ ᠲᠤ ᠬᠦᠷᠴᠦ᠂ ᠰᠢᠯᠭᠠᠨ ᠦᠨᠡᠯᠡᠬᠦ ᠴᠡᠭ ᠪᠠᠶᠢᠷᠢ ᠶᠢᠨ ᠪᠠᠷᠢᠮᠵᠢᠶ᠎ᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠲᠣᠬᠢᠷᠠᠭᠤᠯᠤᠯᠲᠠ ᠵᠡᠷᠭᠡ ᠬᠠᠮᠢᠶ᠎ᠠ ᠪᠥᠬᠦᠶ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠯ᠎ᠡ ᠴᠡᠭ ᠪᠠᠶᠢᠷᠢ ᠶᠢᠨ ᠵᠠᠮ ᠤᠨ ᠨᠢᠭᠤᠷ ᠢ ᠰᠡᠯᠪᠢᠨ ᠵᠠᠰᠠᠬᠤ᠂ ᠲᠡᠷᠭᠡ ᠵᠣᠭᠰᠣᠭᠠᠬᠤ ᠪᠠᠶᠢᠷᠢ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠣᠷᠣᠨ ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠦᠶᠯᠡᠴᠢᠯᠡᠭᠡᠨ ᠤ ᠬᠠᠮᠢᠶᠠᠷᠤᠯᠲᠠ ᠵᠡᠷᠭᠡ ᠠᠰᠠᠭᠤᠳᠠᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ᠺᠠᠩ ᠬᠠᠶ ᠷᠦᠢ ᠴᠢᠬᠤᠯᠠᠴᠢᠯᠠᠬᠤ ᠳᠠᠭᠠᠨ᠂ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠪᠣᠯᠪᠠᠰᠤᠨ ᠬᠤᠲᠠ ᠶᠢᠨ ᠰᠢᠯᠭᠠᠨ ᠲᠣᠭᠲᠠᠭᠠᠬᠤ ᠰᠢᠰᠲ᠋ᠧᠮ ᠢ ᠴᠢᠩᠳᠠᠯᠠᠵᠤ᠂ ᠪᠠᠭᠤᠷᠠᠶ ᠭᠤᠭᠴᠤᠭ᠎ᠠ ᠶᠢ ᠡᠷᠢᠨ ᠭᠠᠷᠭᠠᠵᠤ᠂ ᠵᠣᠬᠢᠴᠠᠭᠤᠯᠤᠨ ᠬᠠᠮᠵᠢᠯᠴᠠᠬᠤ ᠶᠢ ᠢᠳᠡᠪᠬᠢᠲᠡᠶ ᠰᠠᠶᠢᠲᠤᠷ ᠬᠢᠵᠦ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠣᠶᠤᠨ ᠴᠢᠳᠠᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠵᠠᠮ ᠤᠨ ᠨᠢᠭᠤᠷ ᠡᠪᠳᠡᠷᠡᠵᠦ ᠰᠦᠶᠳᠦᠭᠰᠡᠨ᠂ ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ᠂ ᠡᠯᠳᠡᠪ ᠶᠠᠭᠤᠮ᠎ᠠ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ᠂ ᠵᠠᠮ ᠡᠵᠡᠯᠡᠨ ᠡᠵᠡᠩᠨᠡᠭᠰᠡᠨ ᠵᠡᠷᠭᠡ ᠬᠤᠲᠠ ᠶᠢᠨ ᠳᠦᠷᠰᠦ ᠪᠠᠶᠢᠳᠠᠯ ᠢ ᠨᠥᠯᠥᠭᠡᠯᠡᠬᠦ ᠠᠰᠠᠭᠤᠳᠠᠯ ᠢ ᠤᠯᠠᠮ ᠨᠢᠭᠡ ᠠᠯᠬᠤᠮ ᠴᠡᠭᠴᠡᠯᠡᠨ ᠵᠠᠰᠠᠵᠤ᠂ ᠴᠡᠪᠡᠷ ᠲᠡᠭᠰᠢ᠂ ᠡᠮᠬᠢ ᠵᠢᠷᠤᠮ ᠲᠠᠢ᠂ ᠪᠣᠯᠪᠠᠰᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠨᠡᠨᠬᠦ ᠪᠣᠶ ᠪᠣᠯᠭᠠᠬᠤ ᠬᠡᠷᠡᠭᠲᠡᠶ᠃ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠵᠡᠩᠨᠡᠯᠲᠡ ᠶᠢᠨ ᠬᠤᠳᠠᠯᠳᠤᠭᠠᠴᠢᠨ ᠢ ᠰᠢᠮᠳᠠᠭᠤᠯᠵᠤ ᠪᠠᠶᠢᠭᠠᠳ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾᠎ ᠶᠢᠨ ᠬᠠᠷᠢᠭᠤᠴᠠᠯᠭ᠎ᠠ ᠶᠢ ᠴᠢᠩᠭ᠎ᠠ ᠭᠦᠶᠴᠡᠳᠬᠡᠭᠦᠯᠵᠦ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠢᠴᠢ ᠠᠵᠢᠯᠲᠠᠨ ᠤ ᠰᠢᠯᠵᠢᠯᠲᠡ ᠶᠢᠨ ᠴᠢᠨᠠᠷ ᠢᠶᠠᠷ ᠨᠡᠯᠢᠶᠡᠳ ᠥᠨᠳᠥᠷ ᠲᠠᠯᠠᠪᠤᠷ ᠲᠤ ᠬᠠᠷᠢᠶ᠎ᠠ ᠭᠠᠵᠠᠷ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠵᠦ᠂ ᠨᠢᠭᠡ ᠶᠢ ᠢᠯᠡᠷᠡᠭᠦᠯᠪᠡᠯ ᠨᠢᠭᠡ ᠶᠢ ᠰᠢᠶᠳᠪᠦᠷᠢᠯᠡᠵᠦ᠂ ᠠᠰᠠᠭᠤᠳᠠᠯ ᠢ  ᠪᠦᠬᠦᠨ ᠢ ᠰᠢᠶᠳᠪᠦᠷᠢᠯᠡᠬᠦ ᠬᠡᠷᠡᠭᠲᠡᠶ᠃                   ᠵᠢᠷᠤᠭ᠄ ᠭᠦᠸᠧ ᠸᠧᠨ ᠵᠢᠶᠧ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2