ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/18
740470.jpg
     7 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠵᠦᠶᠯᠡᠰ ᠢ ᠰᠤᠳᠤᠯᠤᠨ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠰᠤᠳᠤᠯᠤᠨ ᠮᠠᠭᠠᠳᠯᠠᠵᠤ᠂ ᠵᠢᠯ ᠤᠨ ᠡᠬᠢᠨ ᠤ ᠬᠠᠷᠠᠯᠲᠠ ᠲᠠᠢ ᠬᠠᠷᠢᠴᠠᠭᠤᠯᠵᠤ ᠂ ᠪᠦᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠤᠨᠢᠨ ᠳᠡᠭᠡᠷ᠎ᠡ ᠨᠢ ᠬᠦᠴᠦᠯᠡᠵᠦ᠂ ᠠᠬᠢᠴᠠ ᠶᠢ ᠠᠮᠵᠢᠨ ᠭᠦᠢᠴᠡᠵᠦ᠂ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ  ᠵᠢᠭᠠᠪᠠ᠃ ᠪᠡᠯᠡ ᠣᠷᠣᠭᠤᠯᠤᠯᠲᠠ ᠶᠢ ᠠᠳᠬᠤᠬᠤ᠂ ᠲᠦᠷᠦᠯ ᠵᠦᠢᠯ ᠢ ᠠᠳᠬᠤᠬᠤ᠂ ᠠᠷᠠᠯᠵᠢᠶᠠᠴᠢᠨ ᠤᠷᠢᠬᠤ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠵᠠᠷᠯᠠᠨ ᠮᠡᠳᠡᠭᠳᠡᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠶᠡᠬᠡᠪᠡᠷ ᠠᠳᠬᠤᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠲᠦᠷᠦᠯ ᠵᠦᠢᠯ᠂ ᠨᠢᠭᠡ ᠲᠤᠰᠬᠠᠢ ᠠᠩᠭᠢ᠂ ᠡᠴᠦᠰ ᠲᠤᠨᠢ ᠲᠤᠯᠲᠠᠯ᠎ᠠ ᠠᠳᠬᠤᠬᠤ︾ ᠪᠦᠬᠦ ᠬᠡᠯᠬᠢᠶ᠎ᠡ᠂ ᠪᠦᠬᠦ ᠲᠠᠯ᠎ᠠ᠂ ᠪᠦᠬᠦ ᠭᠤᠭᠴᠤᠭ᠎ᠠ ᠶᠢᠨ ᠮᠥᠷᠳᠡᠨ ᠦᠢᠯᠡᠴᠢᠯᠡᠬᠦ ᠶᠢ ᠬᠡᠷᠡᠭᠵᠢᠭᠦᠯᠵᠦ᠂ ᠬᠠᠷᠢᠯᠴᠠᠨ ᠲᠦᠯᠬᠢᠯᠴᠡᠬᠦ᠂ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ ᠢᠯᠡᠷᠡᠬᠦ ᠶᠢ ᠡᠷᠡᠰ ᠬᠤᠷᠢᠭᠯᠠᠵᠤ᠂ ᠵᠠᠰᠠᠭ ᠵᠠᠬᠢᠷᠭᠠᠨ ᠤ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠬᠤ ᠬᠡᠷᠡᠭᠲᠡᠢ᠃     ᠬᠤᠷᠠᠯ ᠠᠴᠠ ᠪᠠᠰᠠ ᠴᠢᠶᠣᠤ ᠱᠢ ᠢ ᠨᠥᠬᠦᠷ ᠤᠨ ᠲᠤᠰᠢᠶᠠᠯ ᠡᠭᠦᠷᠭᠡᠯᠡᠭᠦᠯᠬᠦ ᠬᠠᠮᠢᠶ᠎ᠠ ᠪᠦᠬᠦᠢ ᠤᠴᠢᠷ ᠶᠠᠪᠤᠳᠠᠯ ᠢ ᠨᠡᠶᠢᠲᠡᠯᠡᠵᠦ᠂ ᠪᠦᠬᠦ  ᠲᠤᠭᠤᠷᠢᠭ ᠤᠨ ᠺᠠᠳ᠋ᠷ ᠠᠵᠢᠯᠳᠠᠨ ᠠᠵᠢᠯᠴᠢᠨ ᠤ ᠪᠡᠶ᠎ᠡ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠬᠦ ᠲᠤᠬᠠᠢ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃              ᠵᠢᠷᠤᠭ᠄ ᠴᠢᠶᠤᠤ ᠮᠢᠨ              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2