ᠵᠠᠩ ᠶᠦᠩ ᠸᠧᠨ ᠵᠠᠮ ᠬᠠᠷᠢᠯᠴᠠᠭᠠᠨ ᠤ ᠦᠷᠲᠡᠭᠡ ᠲᠠᠯᠠᠪᠤᠷ ᠲᠤ ᠬᠦᠷᠴᠦ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/15
679470.jpg
    8 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠵᠢᠨᠢᠩ ᠡᠮᠦᠨ᠎ᠡ ᠥᠷᠲᠡᠭᠡ᠂ ᠨᠢᠰᠬᠡᠯ ᠤᠨ ᠪᠠᠭᠤᠳᠠᠯ ᠤᠨ ᠲᠦᠷᠭᠡᠨ  ᠬᠤᠷᠳᠤᠨ ᠤ ᠵᠠᠮ ᠤᠨ ᠵᠢᠨᠢᠩ  ᠱᠠᠩᠳᠦ ᠵᠢᠨ‌ᠠᠭᠤᠯᠵᠠᠷ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠴᠥᠮ᠎ᠡ ᠶᠢᠨ ᠬᠦᠴᠢᠯ ᠢ ᠪᠠᠶᠢᠴᠠᠭᠠᠨ ᠬᠡᠮᠵᠢᠬᠦ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠵᠠᠩ ᡁᠢ ᠷᠦᠩ᠂ ᠸᠠᠩ ᠯᠢ ᠰᠢᠨ᠂ ᠵᠦ ᠶᠠᠨ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠵᠠᠩ ᠶᠦᠩ ᠸᠧᠨ ᠤᠷᠢᠳ ᠬᠤᠵᠢᠳ ᠵᠢᠨᠢᠩ ᠡᠮᠦᠨ᠎ᠡ ᠦᠷᠳᠡᠭᠡ᠂ ᠤᠯᠠᠭᠠᠨᠴᠠᠪ ᠨᠢᠰᠬᠡᠯ ᠤᠨ ᠪᠠᠭᠤᠳᠠᠯ᠂ ᠤᠯᠠᠭᠠᠨᠴᠠᠪ ᠲᠦᠷᠭᠡᠨ ᠤ ᠲᠡᠮᠦᠷ ᠵᠠᠮ ᠤᠨ ᠦᠷᠳᠡᠭᠡ ᠳᠤ ᠬᠦᠷᠴᠦ᠂ ᠦᠷᠳᠡᠭᠡ ᠪᠠᠷ ᠣᠷᠣᠵᠤ ᠭᠠᠷᠬᠤ ᠡᠭᠦᠳᠡ ᠶᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠶᠠᠨᠴᠢᠳ ᠤᠨ ᠲᠡᠭᠡᠭᠡᠪᠦᠷᠢ᠂ ᠡᠭᠡᠯᠵᠢ ᠶᠢᠨ ᠨᠢᠰᠬᠡᠯ ᠤᠨ ᠤᠷᠤᠰᠬᠠᠯ ᠤᠨ ᠬᠡᠮᠵᠢᠶ᠎ᠡ ᠵᠢᠴᠢ ᠠᠶᠠᠨᠴᠢᠳ ᠤᠨ ᠣᠷᠣᠵᠤ ᠭᠠᠷᠬᠤ ᠦᠷᠳᠡᠭᠡ ᠶᠢᠨ ︽ᠭᠤᠷᠪᠠᠨ ᠺᠣᠳ᠋ ᠨᠢᠭᠡ ᠦᠨᠡᠮᠯᠡᠯ︾᠎ ᠤᠨ ᠪᠠᠶᠢᠴᠠᠭᠠᠨ ᠰᠢᠯᠭᠠᠯᠲᠠ᠂ ᠬᠦᠷᠦᠭᠰᠡᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠬᠦᠷᠦᠭᠰᠡᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠢ ᠲᠦᠷᠭᠡᠨ ᠨᠠᠶᠢᠳᠠᠪᠤᠷᠢᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠵᠠᠩ ᠶᠦᠩ ᠸᠧᠨ ᠱᠠᠭᠠᠷᠳᠠᠭᠰᠠᠨ ᠨᠢ᠂ ᠭᠠᠯᠲᠤ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ᠂ ᠵᠠᠮ ᠬᠠᠷᠢᠯᠴᠠᠭᠠᠨ ᠤ ᠪᠣᠭᠤᠮᠲᠠ ᠪᠣᠯ ᠬᠢᠵᠢᠭ ᠰᠡᠷᠭᠡᠶᠢᠯᠡᠬᠦ ᠴᠢᠬᠤᠯᠠ ᠪᠣᠭᠤᠮᠲᠠ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠦ ᠵᠢᠭᠠᠪᠠ᠃ ᠠᠵᠢᠯ ᠤᠨ ᠳᠤᠮᠳᠠ ᠪᠦᠷᠢᠯᠳᠦᠭᠰᠡᠨ ᠰᠠᠶᠢᠨ ᠲᠣᠭᠲᠠᠴᠠ ᠶᠢ ᠡᠮᠬᠢᠯᠡᠨ ᠳ᠋ᠦᠩᠨᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠪᠠᠭᠤᠷᠠᠢ ᠭᠤᠭᠴᠤᠭ᠎ᠠ ᠶᠢ ᠴᠢᠩᠭ᠎ᠠ ᠠᠳᠬᠤᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠦᠨᠡᠨᠬᠦ ᠬᠠᠮᠠᠭᠠᠯᠠᠬᠤ ᠬᠡᠷᠡᠭᠲᠡᠢ᠃     ᠵᠠᠩ ᠶᠦᠩ ᠸᠧᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠪᠠᠶᠢᠳᠠᠯ ᠪᠣᠯᠤᠨ ᠱᠠᠭᠠᠷᠳᠠᠯᠭ᠎ᠠ ᠶᠢ ᠴᠢᠩᠭ᠎ᠠ ᠳᠠᠭᠠᠵᠤ᠂ ᠭᠠᠯᠲᠤ ᠲᠡᠷᠭᠡᠨ‌ᠥᠷᠲᠡᠭᠡ᠂ ᠨᠢᠰᠬᠡᠯ ᠤᠨ ᠪᠠᠭᠤᠳᠠᠯ ᠤᠨ ᠣᠷᠣᠵᠤ ᠭᠠᠷᠬᠤ ᠥᠷᠲᠡᠭᠡᠨ ᠤ ᠠᠮᠠᠰᠠᠷ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ︽ᠬᠦᠷᠦᠭᠰᠡᠨ ᠭᠠᠵᠠᠷ ᠲᠤᠨᠢ ᠳᠠᠷᠦ᠋ᠢᠬᠠᠨ ᠪᠠᠶᠢᠴᠠᠭᠠᠬᠤ︾ ᠪᠠ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠠᠪᠴᠠᠩ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠪᠥᠭᠡᠮ ᠬᠦᠴᠢᠯ ᠤᠨ ᠥᠯᠢᠭᠡᠷ ᠠᠪᠬᠤ ᠬᠥᠮᠦᠰ ᠢ ᠳᠣᠭᠢᠷᠠᠭᠤᠯᠤᠨ᠂ ᠥᠷᠲᠡᠭᠡ ᠠᠴᠠ ᠭᠠᠷᠤᠭᠰᠠᠨ ᠬᠥᠮᠦᠰ ᠤᠨ ᠬᠦᠷᠦᠭᠰᠡᠨ ᠭᠠᠵᠠᠷ ᠲᠤᠨᠢ ᠪᠥᠭᠡᠮ ᠬᠦᠴᠢᠯ ᠤᠨ ᠥᠯᠢᠭᠡᠷ ᠠᠪᠬᠤ ᠬᠤᠷᠳᠤᠴᠠ ᠶᠢ ᠲᠦᠷᠭᠡᠳᠬᠡᠵᠦ᠂ ᠬᠦᠷᠭᠡᠵᠦ ᠪᠠᠶᠢᠴᠠᠭᠠᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠢᠴᠠᠭᠠᠨ ᠰᠢᠯᠭᠠᠬᠤ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠵᠤ᠂ ᠮᠥᠷᠯᠡᠬᠦ᠂ ᠺᠣᠳ᠋ ᠰᠢᠷᠪᠢᠬᠦ᠂ ᠥᠯᠢᠭᠡᠷ ᠠᠪᠬᠤ ᠵᠡᠷᠭᠡ ᠴᠤᠪᠤᠷᠠᠯ ᠤᠨ ᠰᠠᠭᠠᠳ ᠥᠬᠡᠶ ᠶᠠᠪᠤᠭᠳᠠᠬᠤ᠂ ᠲᠦᠷᠭᠡᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ             ᠵᠢᠷᠤᠭ᠄ ᠭᠦᠸᠧ ᠸᠧᠨ ᠵᠢᠶᠧ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2