ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ 2022 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠣᠶᠤᠨ ᠤ ᠪᠣᠯᠪᠠᠰᠤᠨ ᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 6 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/17
676470.jpg
    8 ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ 2022 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ  ᠲᠤᠭᠤᠷᠢᠭ ᠤᠨ ᠣᠶᠤᠨ ᠤ ᠪᠣᠯᠪᠠᠰᠤᠨ ᠤ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠠᠷᠭᠠᠴᠠᠬᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠶ ᠲᠠᠭᠢᠨ ᠰᠡᠷᠭᠦᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ ᠃ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠡᠶᠢᠲᠡᠯᠡᠭᠰᠡᠨ ᠠᠵᠤ ᠠᠬᠤᠢ ᠶᠢ ᠲᠣᠭᠲᠠᠭᠤᠨ ᠪᠠᠶᠢᠯᠭᠠᠬᠤ ᠬᠠᠮ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠪᠠᠶᠢᠳᠠᠯ ᠢ ᠳᠠᠷᠦ᠋ᠢᠬᠠᠨ ᠤᠶᠢᠯᠠᠭᠠᠨ ᠪᠠᠶᠢᠴᠠᠭᠠᠵᠤ᠂ ᠴᠠᠭ ᠲᠤᠬᠠᠢ ᠳᠤᠨᠢ ᠳᠤᠲᠠᠭᠤ ᠶᠢ ᠨᠢ ᠪᠠᠶᠢᠴᠠᠭᠠᠨ ᠨᠥᠬᠦᠪᠥᠷᠢᠯᠡᠬᠦ ᠬᠡᠷᠡᠭᠲᠡᠢ  ᠃ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠨᠠᠷᠢᠨ ᠪᠣᠳᠠᠲᠠᠢ ᠰᠠᠶᠢᠲᠤᠷ ᠠᠳᠬᠤᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮ︾ ᠪᠣᠯᠤᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ︽ᠲᠦᠷᠢᠮ︾᠎ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠵᠥᠪ ᠴᠢᠭᠯᠡᠯ ᠢ ᠣᠨᠣᠪᠴᠢᠲᠠᠢ ᠡᠵᠡᠮᠳᠡᠵᠦ᠂ ᠨᠢᠭᠡᠳᠦᠮᠡᠯ ᠹᠷᠣᠨᠲ ᠤᠨ ᠠᠵᠢᠯ ᠤᠨ ᠭᠤᠣᠯᠳᠠᠯᠭ᠎ᠠ ᠲᠠᠢ  ᠬᠦᠷᠢᠶ᠎ᠡ ᠶᠢ ᠪᠣᠳᠠᠲᠠᠢ ᠠᠳᠬᠤᠵᠤ᠂ ᠨᠢᠭᠡᠳᠦᠮᠡᠯ ᠹᠷᠣᠨᠲ ᠤᠨ ᠠᠵᠢᠯ ᠤᠨ ᠬᠦᠴᠦᠷᠬᠡᠭ ᠶᠡᠭᠡ ᠬᠠᠮᠲᠤᠷᠠᠯ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃     ᠬᠤᠷᠠᠯ ᠠᠴᠠ ᠂ ᠮᠠᠨ ᠤ ᠲᠤᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠣᠳᠣᠬᠠᠨ ᠳᠤ ᠬᠤᠳᠠ ᠶᠢ ᠪᠠᠶᠢᠭᠤᠯᠬᠤ ᠠᠵᠢᠯ ᠨᠢᠭᠡᠨᠲᠡ ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠲᠤᠯᠭᠠᠮ᠎ᠠ ᠱᠠᠲᠤᠨ ᠳᠤ ᠣᠷᠣᠵᠤ᠂ ᠴᠠᠭ ᠪᠠᠴᠢᠮ᠂ ᠡᠭᠦᠷᠭᠡ ᠬᠦᠨᠳᠦ᠂ ᠳᠠᠷᠤᠯᠲᠠ ᠶᠡᠭᠡ ᠪᠠᠶᠢᠨ᠎ᠠ᠃ ᠪᠦᠬᠦ ᠣᠷᠣᠨ ᠤ ᠳᠡᠭᠡᠳᠦ ᠲᠤᠤᠷᠠᠳᠤ ᠱᠠᠳᠤ ᠪᠠᠷ ᠢᠶᠠᠨ ᠳᠠᠷᠤᠢ ᠲᠦᠷᠭᠡᠨ ᠪᠠᠶᠢᠳᠠᠯ ᠳᠤ ᠣᠷᠣᠵᠤ᠂ ᠲᠦᠮᠡᠨ ᠬᠤᠪᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠷᠦ᠋ᠢᠬᠠᠨ ᠥᠷᠨᠢᠭᠦᠯᠵᠦ᠂ ᠬᠠᠮᠤᠭ ᠤᠨ ᠰᠢᠨ᠎ᠡ ᠰᠢᠯᠭᠠᠨ ᠦᠨᠡᠯᠡᠬᠦ ᠰᠢᠰᠲᠧᠮ ᠪᠣᠯᠤᠨ ᠳᠡᠭᠡᠷ᠎ᠡ ᠡᠭᠡᠯᠵᠢ ᠶᠢᠨ ᠰᠢᠯᠭᠠᠨ ᠦᠨᠡᠯᠡᠭᠰᠡᠨ ᠦᠷ᠎ᠡ ᠳ᠋ᠦᠩ ᠲᠠᠢ ᠬᠠᠷᠢᠴᠠᠭᠤᠯᠵᠤ᠂ ᠨᠢᠭᠡ ᠨᠢᠭᠡ ᠪᠠᠷ ︽ᠰᠢᠯᠭᠠᠷᠠᠭᠤᠯᠬᠤ︾᠂ ︽ᠡᠷᠬᠢᠨ ᠬᠠᠷᠠᠬᠤ︾ ᠬᠡᠷᠡᠭᠲᠡᠢ ᠃ ᠡᠭᠦᠳᠦᠨ ᠪᠠᠶᠢᠭᠤᠯᠬᠤ ᠠᠭᠤᠷ ᠠᠮᠢᠰᠬᠤᠯ ᠢ ᠳᠠᠷᠤᠶ ᠲᠦᠷᠭᠡᠨ ᠪᠣᠶ ᠪᠣᠯᠭᠠᠵᠤ᠂ ᠡᠭᠦᠳᠦᠨ ᠪᠠᠶᠢᠭᠤᠯᠤᠭᠰᠠᠨ ᠲᠡᠷᠢᠭᠦᠨ ᠤ ᠬᠥᠮᠦᠨ᠂ ᠨᠡᠶᠢᠲᠡᠯᠢᠭ ᠦᠶᠯᠡ ᠠᠵᠢᠯᠯᠠᠭ᠎ᠠ ᠶᠢᠨ ᠲᠤᠰᠬᠠᠶ ᠰᠡᠳᠦᠪᠲᠦ ᠮᠡᠳᠡᠭᠡᠯᠡᠯ ᠢ ᠴᠢᠩᠭᠠᠳᠬᠠᠨ᠂ ᠡᠯ᠎ᠡ ᠲᠥᠷᠥᠯ ᠤᠨ ᠪᠣᠯᠪᠠᠰᠤᠨ ᠪᠤᠰᠤ ᠵᠦᠶᠯᠡᠰ ᠢ ᠢᠯᠡᠴᠢᠯᠡᠵᠦ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠲᠠᠯ᠎ᠠ ᠶᠢᠨ᠂ ᠣᠯᠠᠨ ᠲᠠᠯ᠎ᠠ ᠶᠢᠨ᠂ ᠪᠣᠰᠤᠭ᠎ᠠ ᠴᠣᠭᠴᠠᠲᠤ ᠤᠬᠠᠭᠤᠯᠭ᠎ᠠ ᠳᠠᠶᠢᠴᠢᠯᠠᠯᠲᠠ ᠪᠠᠷ ᠳᠡᠮᠵᠢᠨ᠂ ᠬᠥᠮᠦᠨ ᠪᠣᠯᠭᠠᠨ ᠮᠡᠳᠡᠬᠦ᠂ ᠬᠥᠮᠦᠨ ᠪᠣᠯᠭᠠᠨ ᠳᠡᠮᠵᠢᠬᠦ᠂ ᠬᠥᠮᠦᠨ ᠪᠣᠯᠭᠠᠨ ᠣᠷᠣᠯᠴᠠᠬᠤ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠮᠠᠨ ᠤ ᠲᠤᠭᠤᠷᠢᠭ ᠤᠨ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠡᠮᠦᠨ᠎ᠡ ᠨᠢᠭᠡ ᠬᠤᠭᠤᠴᠠᠭᠠᠨ ᠤ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠢ ᠭᠦᠢᠴᠡᠳ ᠨᠤᠲᠠᠯᠠᠭᠰᠠᠨ ᠤ ᠬᠠᠮᠲᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠰᠡᠷᠭᠡᠭ ᠢᠶᠠᠷ ᠲᠠᠨᠢᠵᠤ᠂ ᠲᠤᠷᠰᠢᠯᠭ᠎ᠠ ᠪᠠᠨ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠦᠷᠢᠮ ᠢᠶᠠᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠰᠢᠰᠲ᠋ᠧᠮ ᠢ ᠪᠦᠬᠦ ᠲᠠᠯ᠎ᠠ ᠪᠠᠷ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  ᠪᠦᠭᠡᠮ ᠬᠦᠴᠢᠯ ᠢ ᠪᠠᠶᠢᠴᠠᠭᠠᠨ ᠰᠢᠯᠭᠠᠬᠤ᠂ ᠤᠷᠤᠰᠬᠠᠯ ᠢ ᠡᠷᠢᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠪᠣᠭᠤᠮᠲᠠ ᠶᠢ ᠬᠠᠮᠢᠶᠠᠷᠤᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠴᠥᠮ᠎ᠡ ᠶᠢᠨ ᠬᠦᠴᠢᠯ ᠤᠨ ᠥᠯᠢᠭᠡᠷ ᠠᠪᠬᠤ ᠠᠵᠢᠯ ᠢ ᠵᠦᠶ ᠵᠣᠬᠢᠰᠲᠠᠶ ᠨᠢᠭᠡᠳᠦᠯᠲᠡᠶ ᠲᠥᠯᠥᠪᠯᠡᠬᠦ ᠶᠢ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠢᠯᠠᠩᠭᠤᠶ᠎ᠠ ᠲᠠᠩ ᠪᠡᠶᠡᠲᠦ ᠠᠰᠠᠷ ᠤᠨ ᠡᠩᠬᠡ ᠲᠠᠶᠢᠪᠤᠩ ᠣᠷᠣᠨ ᠰᠠᠭᠤᠴᠠ ᠶᠢᠨ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ ᠭᠡᠵᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃              ᠵᠢᠷᠤᠭ᠄ ᠴᠢᠶᠤᠤ ᠮᠢᠨ              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2