ᠺᠠᠩ ᠬᠠᠶ ᠷᠦᠢ ︽8.1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨ᠎ᠡ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/2
841470.jpg
      ︽8 · 1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 28᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠠᠬᠠᠮᠠᠳ ᠴᠡᠷᠢᠭ ᠠᠴᠠ ᠬᠠᠯᠠᠭᠳᠠᠭᠰᠠᠳ ᠪᠣᠯᠤᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠬᠤᠨᠢᠭᠤᠯᠵᠤ᠂  ᠴᠡᠷᠢᠭ ᠤᠯᠠᠨ ᠲᠠᠢ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠢ ᠬᠠᠮᠲᠤᠪᠠᠷ ᠪᠡᠯᠭᠡᠯᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃    ᠺᠠᠩ ᠬᠠᠢ ᠷᠦᠢ  ︽︿  ᠨᠠᠢᠮᠠᠨ ᠰᠠᠷ᠎ᠠ ᠶᠢᠨ ᠨᠢᠭᠡᠨ﹀᠎ ᠤ ᠴᠡᠷᠢᠭ ᠪᠠᠶᠢᠭᠤᠯᠤᠭᠳᠠᠭᠰᠠᠨ ᠪᠠᠶᠠᠷ ᠪᠣᠯᠬᠤ ᠭᠡᠵᠦ ᠪᠠᠶᠢᠨ᠎ᠠ᠂ ᠲᠠ ᠪᠦᠬᠦᠨ ᠳᠤ ᠪᠠᠶᠠᠷ ᠤᠨ ᠡᠳᠦᠷ ᠤᠨ ᠮᠡᠨᠳᠦ ᠬᠦᠷᠭᠡᠶ᠎ᠡ ᡽︾ ᠭᠡᠵᠦ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠪᠣᠯᠤᠨ ᠨᠢᠭᠡᠨ ᠴᠡᠷᠢᠭ ᠠᠩᠬᠢ ᠶᠢᠨ ᠨᠢᠭᠡᠨ ᠬᠤᠪᠢᠶᠠᠷᠢ ᠠᠩᠬᠢ ᠳᠤ ᠢᠷᠡᠵᠤ᠂ ᠥᠷᠭᠡᠨ ᠤᠯᠠᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠬᠠᠮᠤᠭ ᠤᠨ ᠴᠢᠩ ᠦᠨᠡᠨᠴᠢ ᠮᠡᠨᠳᠦᠴᠢᠯᠡᠯ ᠳᠡᠪᠰᠢᠭᠦᠯᠬᠦ ᠶᠢᠨ ᠬᠠᠮᠲᠤ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠵᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠤᠨ ᠠᠷᠭ᠎ᠠ  ᠬᠡᠮᠵᠢᠶ᠎ᠡ ᠶᠢ ᠲᠡᠭᠦᠯᠳᠡᠷᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ  ᠰᠠᠶᠢᠨ ᠪᠠᠶᠢᠳᠠᠯ ᠢ ᠳᠠᠰᠤᠷᠠᠯᠳᠠ ᠦᠬᠡᠢ ᠪᠠᠬᠢᠵᠢᠭᠦᠯᠦᠨ ᠬᠥᠭᠵᠢᠭᠦᠯᠦᠨ᠎ᠡ ᠭᠡᠵᠦ ᠢᠯᠡᠳᠬᠡᠪᠡ᠃       ᠡᠨᠡ ᠵᠢᠯ 86 ᠨᠠᠰᠤᠲᠠᠶ ᠸᠠᠩ  ᠸᠧᠨ ᠯᠢᠶᠠᠩ 1951 ᠣᠨ ᠳᠤ ᠴᠡᠷᠢᠭ ᠲᠤ ᠣᠷᠣᠵᠤ᠂ 1957 ᠣᠨ ᠳᠤ ᠴᠡᠷᠢᠭ ᠠᠴᠠ ᠬᠠᠯᠠᠭᠳᠠᠵᠤ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠳᠤ ᠣᠷᠣᠯᠴᠠᠵᠤ ᠥᠩᠭᠡᠷᠡᠵᠡᠶ᠃ ᠺᠠᠩ ᠬᠠᠢ ᠷᠦᠢ ︽ᠨᠠᠰᠤᠲᠠᠨ ᠤ ᠪᠡᠶ᠎ᠡ ᠶᠢᠨ ᠪᠠᠶᠢᠳᠠᠯ ᠶᠠᠮᠠᠷ ᠪᠤᠶ ︖᡼ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠪᠤᠶ ᡼︖︾ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠸᠠᠩ ᠸᠧᠨ ᠯᠢᠶᠠᠩ ᠤᠨ ᠭᠡᠷ ᠲᠤ  ᠬᠦᠷᠴᠦ᠂  ᠸᠠᠩ ᠸᠧᠨ ᠯᠢᠶᠠᠩ ᠨᠠᠰᠤᠲᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠪᠣᠯᠤᠨ ᠡᠳᠦᠷ ᠲᠤᠳᠤᠮ ᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠰᠤᠲᠠᠨ ᠤ ᠪᠡᠶ᠎ᠡ ᠴᠢᠭᠢᠷᠠᠭ᠂ ᠴᠤᠭ ᠵᠢᠪᠬᠤᠭ᠎ᠠ ᠲᠠᠢ ᠪᠠᠶᠢᠬᠤ ᠶᠢ ᠬᠠᠷᠠᠭᠠᠳ ᠺᠠᠩ ᠬᠠᠢ ᠷᠦᠢ ᠮᠠᠰᠢ ᠪᠠᠶᠠᠷᠯᠠᠪᠠ᠃ ᠲᠡᠷᠡ ᠬᠡᠯᠡᠬᠦ ᠳᠡᠭᠡᠨ᠂ ᠠᠬᠠᠮᠠᠳ ᠴᠡᠷᠢᠭ ᠠᠴᠠ ᠬᠠᠯᠠᠭᠳᠠᠭᠰᠠᠳ ᠤᠯᠤᠰ ᠣᠷᠣᠨ ᠢᠶᠠᠨ ᠬᠠᠮᠠᠭᠠᠯᠠᠬᠤ ᠪᠠᠶᠢᠯᠳᠤᠭᠠᠨ ᠤ ᠳᠤᠮᠳᠠ ᠠᠮᠢ ᠪᠡᠶ᠎ᠡ ᠪᠠᠨ ᠴᠦᠯᠡᠵᠦ ᠠᠮᠢ ᠪᠡᠶ᠎ᠡ ᠪᠠᠨ ᠦᠷᠡᠭᠳᠡᠭᠦᠯᠦᠭᠰᠡᠨ ᠶᠠᠪᠤᠳᠠᠯ ᠪᠣᠯ ᠤᠯᠤᠰ ᠣᠷᠣᠨ ᠪᠠ ᠠᠷᠠᠳ ᠲᠦᠮᠡᠨ ᠤ ᠭᠠᠪᠢᠶᠠᠲᠠᠨ ᠮᠥᠨ᠂ ᠪᠢᠳᠡ ᠲᠡᠳᠡᠨ ᠳᠤ ᠬᠦᠨᠳᠦᠳᠬᠡᠯ ᠳᠡᠪᠰᠢᠭᠦᠯᠪᠡᠯ ᠵᠣᠬᠢᠨ᠎ᠠ ᠭᠡᠵᠡᠶ᠃ ᠡᠭᠦᠨ ᠤ ᠬᠠᠮᠲᠤ ᠪᠠᠰᠠ ᠨᠡᠶᠢᠭᠡᠮ ᠲᠣᠭᠤᠷᠢᠭ ᠤᠨ ᠠᠵᠢᠯᠲᠠᠳ ᠲᠤ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠷᠠᠭᠠᠯᠵᠠᠬᠤ ᠬᠡᠷᠡᠭᠲᠡᠢ ᠭᠡᠵᠦ ᠵᠠᠬᠢᠪᠠ᠃     ᠡᠨᠡ ᠵᠢᠯ 93 ᠨᠠᠰᠤᠲᠠᠢ ᠱᠠᠨ ᠳ᠋ᠧᠩ ᠮᠢᠩ 1949 ᠣᠨ ᠳᠤ ᠴᠡᠷᠢᠭ ᠲᠤ ᠣᠷᠣᠵᠤ᠂ 1953 ᠣᠨ ᠳᠤ ᠴᠡᠷᠢᠭ ᠠᠴᠠ ᠬᠠᠯᠠᠭᠳᠠᠪᠠ᠂ ᠦᠷᠡᠭᠳᠡᠭᠰᠡᠨ ᠪᠠᠭᠠᠲᠤᠷ ᠱᠠᠨ ᠮᠧᠢ ᠶᠢᠩ ᠤᠨ ᠠᠪᠤ ᠨᠢ ᠪᠣᠯᠤᠨ᠎ᠠ᠃ 1970 ᠣᠨ ᠳᠤ ᠵᠡᠭᠦᠨ ᠬᠤᠶᠢᠲᠤ ᠣᠷᠣᠨ ᠤ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠣᠷᠣᠯᠴᠠᠵᠤ᠂ 1971 ᠣᠨ ᠳᠤ ᠤᠯᠤᠰ ᠤᠨ ᠡᠳ᠋ ᠬᠦᠷᠦᠩᠬᠡ ᠶᠢ ᠠᠪᠤᠷᠠᠬᠤ᠂ ᠮᠠᠯᠵᠢᠯ ᠤᠨ ᠲᠠᠯᠠᠪᠠᠢ ᠪᠣᠯᠤᠨ ᠤᠢ ᠰᠢᠭᠤᠢ ᠶᠢᠨ ᠲᠠᠯᠠᠪᠠᠢ ᠶᠢ ᠬᠠᠮᠠᠭᠠᠯᠠᠬᠤ ᠶᠢᠨ ᠲᠥᠯᠥᠭᠡ᠂ ᠲᠠᠯ᠎ᠠ ᠨᠤᠲᠤᠭ ᠤᠨ ᠲᠦᠢᠮᠡᠷ ᠲᠠᠢ ᠲᠡᠮᠡᠴᠡᠬᠦ ᠳᠤᠮᠳᠠ ᠪᠠᠭᠠᠲᠤᠷᠯᠢᠭ ᠢᠶᠠᠷ ᠪᠡᠶ᠎ᠡ ᠦᠷᠡᠭᠳᠡᠪᠡ᠂ ᠪᠡᠶ᠎ᠡ ᠦᠷᠡᠭᠳᠡᠬᠦ ᠦᠶ᠎ᠡ ᠳᠤ ᠰᠠᠶ᠋ᠢ ᠠᠷᠪᠠ ᠶᠢᠰᠦᠬᠡᠨ ᠨᠠᠰᠤᠲᠠᠢ ᠪᠠᠶᠢᠪᠠ᠃ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ  ᠱᠠᠨ ᠳ᠋ᠧᠩ ᠮᠢᠩ ᠤᠨ ᠭᠡᠷ ᠲᠤ᠂ ᠺᠠᠩ ᠬᠠᠢ ᠷᠦᠢ ᠨᠠᠰᠤᠲᠠᠨ ᠤ ᠠᠮᠢᠳᠤᠷᠠᠯ ᠪᠣᠯᠤᠨ ᠪᠡᠶ᠎ᠡ ᠶᠢᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠤ ᠳᠠᠷᠠᠭ᠎ᠠ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠨᠠᠰᠤᠲᠠᠨ ᠢ ᠪᠡᠶ᠎ᠡ ᠪᠠᠨ ᠰᠠᠶᠢᠲᠤᠷ ᠭᠠᠮᠨᠠᠭᠠᠷᠠᠢ ᠭᠡᠵᠦ ᠵᠠᠬᠢᠪᠠ᠃     ᠲᠣᠭᠤᠷᠢᠭ ᠤᠨ ᠤᠳᠤᠷᠢᠳᠤᠯᠭ᠎ᠠ ᠵᠠᠩ ᠱᠧᠩ ᠵᠢᠶᠠᠩ᠂ ᠵᠠᠩ ᡁᠢ ᠷᠦᠩ᠂ ᠯᠢ ᠯᠢᠨ᠂ ᠬᠤᠤ ᠵᠢᠶᠠᠨ ᠰᠢᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ᠃             ᠵᠢᠷᠤᠭ᠄ ᠴᠢᠶᠤᠤ ᠮᠢᠨ            ᠤᠷᠴᠢᠭᠤᠯᠤᠭᠴᠢ᠄  ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2