ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠥᠬᠡᠶ ︽ᠪᠢᠰᠢᠷᠡᠭᠴᠢ ᠨᠡᠮᠡᠬᠦ︾ ︽ᠠᠳᠠᠯᠢᠳᠬᠠᠨ ᠰᠢᠯᠭᠠᠷᠠᠭᠤᠯᠬᠤ︾ ︽ᠪᠣᠷᠣᠯᠠᠭᠤᠯᠬᠤ︾ ᠵᠡᠷᠭᠡ ᠵᠢᠭᠠᠪᠤᠷᠢ ᠶᠢᠨ ᠴᠢᠨᠠᠷᠲᠠᠶ ᠡᠭᠦᠷᠭᠡ ᠶᠢ ᠰᠤᠷᠭᠠᠭᠤᠯᠢ ᠳᠤ ᠨᠣᠭᠳᠠᠭᠤᠯᠬᠤ ᠶᠢ ᠴᠠᠭᠠᠵᠠᠯᠠᠬᠤ ᠲᠤᠬᠠᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢᠨ ᠠᠯᠪᠠᠨ ᠵᠠᠷ
ᠨᠡᠶᠢᠲᠡᠯᠡᠭᠰᠡᠨ ᠴᠠᠭ᠄
2022/8/25
     ᠲᠥᠷᠥ ᠶᠢᠨ ᠶᠠᠪᠤᠳᠠᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠤᠨ ︽ᠰᠤᠷᠭᠠᠭᠤᠯᠢ ᠠᠴᠠ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠦᠭᠡᠶ ︽ᠪᠢᠰᠢᠷᠡᠭᠴᠢ ᠨᠡᠮᠡᠬᠦ︾ ︽ᠠᠳᠠᠯᠢᠳᠬᠠᠨ ᠰᠢᠯᠭᠠᠷᠠᠭᠤᠯᠬᠤ︾ ︽ᠪᠣᠷᠣᠯᠠᠭᠤᠯᠬᠤ︾ ᠵᠡᠷᠭᠡ ᠵᠢᠭᠠᠪᠤᠷᠢ ᠶᠢᠨ ᠴᠢᠨᠠᠷᠲᠠᠶ ᠡᠭᠦᠷᠭᠡ ᠨᠣᠭᠳᠠᠭᠤᠯᠬᠤ ᠶᠢ ᠴᠠᠭᠠᠵᠠᠯᠠᠬᠤ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠬᠡᠯᠪᠡᠷᠢ ᠶᠢᠨ ᠦᠵᠡᠯ ᠤᠨ ᠰᠤᠷᠭᠠᠭᠤᠯᠢ ᠲᠡᠶᠢᠰᠢ ᠰᠢᠯᠵᠢᠬᠦ ᠬᠠᠨᠳᠤᠰᠢ ᠶᠢ ᠬᠤᠷᠢᠭᠯᠠᠵᠤ᠂ ᠬᠤᠳᠠᠯᠳᠤᠭᠠᠨ ᠤ ᠠᠰᠢᠭ ᠲᠤᠰᠠ ᠶᠢᠨ ᠬᠡᠯᠪᠡᠷᠢ ᠶᠢ ᠨᠢ ᠥᠭᠡᠷᠡᠲᠡᠭᠦᠯᠦᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠴᠢᠩᠭ᠎ᠠ ᠰᠡᠷᠭᠡᠶᠢᠯᠡᠵᠦ᠂ ᠰᠤᠷᠭᠠᠭᠤᠯᠢ ᠪᠠ ᠭᠡᠷ ᠤᠨ ᠠᠬᠠᠮᠠᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠭᠤᠵᠢᠭᠤ ᠲᠠᠯᠪᠢᠭᠤ ᠪᠠ ᠨᠠᠮ ᠰᠡᠯᠡᠭᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠨ᠎ᠠ᠃ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠢᠯᠡᠴᠢᠯᠡᠨ ᠵᠠᠭᠠᠯᠳᠤᠬᠤ ᠠᠷᠭ᠎ᠠ ᠵᠠᠮ ᠢ ᠨᠡᠶᠢᠲᠡᠯᠡᠵᠦ᠂ ᠰᠤᠷᠭᠠᠭᠤᠯᠢ᠂ ᠪᠠᠭᠰᠢ᠂ ᠰᠣᠷᠣᠭᠴᠢ ᠶᠢᠨ ᠬᠡᠷ ᠤᠨ ᠠᠬᠠᠮᠠᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠤᠷᠭᠠᠭᠤᠯᠢ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠥᠬᠡᠶ ︽  ᠪᠢᠰᠢᠷᠡᠭᠴᠢ ᠨᠡᠮᠡᠬᠦ︾ ︽ᠠᠳᠠᠯᠢᠳᠬᠠᠨ ᠰᠢᠯᠭᠠᠷᠠᠭᠤᠯᠬᠤ︾ ︽ᠪᠣᠷᠣᠯᠠᠭᠤᠯᠬᠤ︾ ᠵᠡᠷᠭᠡ ᠵᠢᠭᠠᠪᠤᠷᠢ ᠶᠢᠨ ᠴᠢᠨᠠᠷᠲᠠᠶ ᠡᠭᠦᠷᠭᠡ ᠶᠢ ᠨᠣᠭᠳᠠᠭᠤᠯᠤᠭᠰᠠᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ᠂ ᠢᠯᠡᠴᠢᠯᠡᠨ ᠮᠡᠳᠡᠭᠦᠯᠦᠭᠰᠡᠳ ᠤᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠴᠠᠭ ᠲᠤᠬᠠᠶ ᠳᠤᠨᠢ ᠬᠠᠷᠭᠤᠭᠤᠯᠤᠨ ᠪᠠᠶᠢᠴᠠᠭᠠᠵᠤ ᠰᠢᠶᠳᠪᠦᠷᠢᠯᠡᠨ᠎ᠡ᠃  ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠨ᠎ᠡ᠃         ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ         ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ  ᠭᠠᠵᠠᠷ         ᠬᠠᠷᠢᠯᠴᠠᠬᠤ ᠬᠥᠮᠦᠨ᠄ ᠢᠦᠢ ᠷᠦᠨ ᠱᠧᠩ      ᠬᠤᠤ ᠲᠦᠩ         ᠤᠲᠠᠰᠤ᠄ 0474-8989665         ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠠᠯᠪᠠᠨ ᠭᠡᠷ        ᠬᠠᠷᠢᠯᠴᠠᠬᠤ ᠬᠥᠮᠦᠨ᠄ ᠵᠦ ᠵᠢᠶᠠᠩ ᠪᠥᠸᠧ     ᠸᠠᠩ ᠰᠢᠨ        ᠤᠲᠠᠰᠤ᠄ 0474-8226102        ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ              2022 ᠣᠨ ᠤ 8 ᠰᠠᠷ᠎ᠠ ᠶᠢᠨ 17᠎ ᠤ ᠡᠳᠦᠷ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2