ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/26
705470.jpg
    8 ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠠᠰᠠᠭ ᠤᠨ ᠣᠷᠳᠣᠨ ᠤ 2022 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠵᠦᠶᠯᠡᠰ ᠢ ᠰᠤᠳᠤᠯᠤᠨ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ︽ᠵᠢᠨᠢᠩ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠤᠨ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾᠂ ︽ᠵᠢᠨᠢᠩ ᠲᠣᠭᠤᠷᠢᠭ ᠤᠨ ᠴᠢᠳᠠᠪᠤᠷᠢᠲᠠᠨ ᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠰᠢᠯᠭᠠᠨ ᠦᠨᠡᠯᠡᠬᠦ ᠠᠷᠭ᠎ᠠ ︵ᠲᠦᠷ ᠬᠡᠷᠡᠭᠵᠢᠭᠦᠯᠬᠦ︶︾᠂ ︽ᠵᠢᠨᠢᠩ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾᠂ ︽ᠵᠢᠨᠢᠩ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾᠂ ︽2022 ᠣᠨ ᠤ ᠵᠢᠨᠢᠩ ᠲᠣᠭᠤᠷᠢᠭ ᠤᠨ ᠨᠡᠭᠦᠷᠡᠰᠦ ᠰᠢᠲᠠᠭᠠᠵᠤ ᠳᠤᠯᠠᠭᠠᠯᠠᠬᠤ ᠥᠭᠡᠷᠡᠴᠢᠯᠡᠯᠲᠡ ᠶᠢᠨ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠵᠢᠴᠢ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ ᠪᠠᠲᠤᠯᠠᠪᠠ᠃ ᠡᠭᠦᠨ ᠤ ᠬᠠᠮᠲᠤ ᠵᠢᠨᠢᠩ ᠲᠣᠭᠤᠷᠢᠭ ᠤᠨ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ᠂ ︽ᠬᠠᠭᠠᠰ ᠳᠤᠲᠠᠭᠤ ᠭᠠᠵᠠᠷ︾᠎ ᠤᠨ ᠢᠨᠵᠧᠨᠧᠷᠢᠩ᠂ ᠰᠤᠯᠠ ᠪᠠᠶᠢᠬᠤ ᠭᠠᠵᠠᠷ ᠰᠢᠷᠣᠶ᠂ ᠲᠤᠨᠤᠮᠠᠯ ᠪᠡᠯᠡ ᠮᠥᠩᠭᠦ᠂ ᠨᠡᠭᠡᠭᠡᠨ ᠬᠥᠭᠵᠢᠭᠦᠯᠬᠦ ᠣᠷᠣᠨ ᠤ ᠰᠤᠯᠠ ᠪᠠᠶᠢᠬᠤ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠳᠡᠭᠡᠭᠰᠢᠯᠡᠭᠦᠯᠬᠦ ᠵᠡᠷᠭᠡ ᠬᠤᠯᠪᠣᠭᠳᠠᠯ ᠪᠦᠬᠦᠢ ᠠᠵᠢᠯ ᠢ ᠲᠤᠰᠬᠠᠶᠢᠯᠠᠨ ᠰᠤᠳᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠨ ᠶᠡᠭᠡ ᠡᠬᠢᠯᠡᠯᠲᠡ︾᠎ ᠶᠢᠨ ᠠᠵᠢᠯᠯᠠᠭ᠎ᠠ ᠶᠢ ᠥᠷᠨᠢᠭᠦᠯᠬᠦ ᠪᠣᠯ ᠲᠤᠭᠤᠷᠢᠭ ᠤᠨ ᠨᠠᠮ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ ᠂ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ︽ᠲᠠᠪᠤᠨ ᠶᠡᠭᠡ ᠡᠬᠢᠯᠡᠯᠲᠡ︾᠎ ᠶᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠢᠭᠲᠠ ᠳᠤᠬᠢᠷᠠᠭᠤᠯᠵᠤ᠂ ᠬᠦᠴᠦᠲᠡᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠦᠢᠯ ᠳᠠᠷᠠᠭᠠᠯᠠᠨ ᠵᠠᠳᠠᠯᠤᠨ ᠰᠤᠳᠤᠯᠵᠤ᠂ ᠠᠵᠢᠯ ᠤᠨ ᠠᠷᠭ᠎ᠠ  ᠬᠡᠮᠵᠢᠶ᠎ᠡ ᠪᠠᠨ ᠲᠣᠳᠣᠷᠬᠠᠶᠢᠯᠠᠵᠤ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠬᠡᠷᠡᠭᠲᠡᠢ ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠣᠭᠲᠠᠴᠠ ᠶᠢ ᠰᠠᠶᠢᠲᠤᠷ ᠪᠠᠶᠢᠭᠤᠯᠵᠤ᠂ ᠲᠡᠦᠬᠡ ᠪᠠ ᠢᠷᠡᠭᠡᠳᠦᠢ ᠳᠤ ᠬᠠᠷᠢᠭᠤᠴᠠᠬᠤ ᠣᠪᠣᠷ ᠢᠶᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠂ ᠠᠰᠠᠭᠤᠳᠠᠯ ᠤᠨ ᠬᠠᠳᠠᠭᠠᠯᠠᠯᠲᠠ ᠶᠢ ᠪᠠᠭᠠᠰᠬᠠᠵᠤ᠂ ᠠᠰᠠᠭᠤᠳᠠᠯ ᠤᠨ ᠨᠡᠮᠡᠭᠳᠡᠯ ᠢ ᠬᠤᠷᠢᠭᠯᠠᠬᠤ ᠬᠡᠷᠡᠭᠲᠡᠢ ᠃ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ︽ᠲᠠᠪᠤᠨ ᠦᠨᠳᠦᠰᠦᠨ ᠵᠦᠢᠯ ᠠᠴᠠ ᠡᠬᠢᠯᠡᠬᠦ︾ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                         ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2