ᠵᠠᠮ ᠲᠡᠭᠡᠭᠡᠪᠦᠷᠢ ᠶᠢᠨ ᠦᠶᠯᠡᠴᠢᠯᠡᠭᠡᠨ ᠤ ᠵᠦᠶᠯᠡᠰ ᠤᠨ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/29
jnqzfw_2022825101923.png
ᠰᠤᠷᠪᠤᠯᠵᠢᠯᠠᠭᠰᠠᠨ ᠴᠠᠭ᠄ 2022-08-25 10: 21ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠦᠶᠯᠡᠴᠢᠯᠡᠭᠡᠨ ᠤ ᠭᠠᠵᠠᠷ ᠤᠨ ᠳᠠᠷᠤᠭ᠎ᠠ   ᠭᠦᠸᠧ ᠶᠢᠩ         ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ︖ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠦᠶᠯᠡᠴᠢᠯᠡᠭᠡᠨ ᠤ ᠭᠠᠵᠠᠷ ᠤᠨ ᠳᠠᠷᠤᠭ᠎ᠠ ᠭᠦᠸᠧ ᠶᠢᠩ ᠢ ᠤᠷᠢᠵᠤ᠂  ᠵᠠᠮ ᠲᠡᠭᠡᠭᠡᠪᠦᠷᠢ ᠶᠢᠨ ᠦᠶᠯᠡᠴᠢᠯᠡᠭᠡᠨ ᠤ ᠵᠦᠶᠯᠡᠰ ᠤᠨ ᠲᠤᠬᠠᠶ ︽ᠮᠤᠵᠢ ᠠᠯᠤᠰᠯᠠᠨ ᠰᠢᠭᠤᠳ ᠰᠢᠶᠳᠪᠦᠷᠢᠯᠡᠬᠦ︾ ᠡᠨᠡ ᠬᠦ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠨ᠎ᠠ᠃        ᠬᠦᠲᠦᠯᠭᠴᠢ᠄ ᠭᠦᠸᠧ ᠭᠠᠵᠠᠷ ᠤᠨ ᠳᠠᠷᠤᠭ᠎ᠠ᠂ ᠲᠠᠨ ᠢ ᠪᠠᠶᠠᠷᠯᠠᠨ ᠤᠭᠲᠤᠶ᠎ᠠ︕     ᠭᠦᠸᠧ ᠶᠢᠩ ᠄ ᠬᠥᠲᠥᠯᠥᠭᠴᠢ ᠰᠠᠶᠢᠨ  ᠤᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠲᠠ ᠪᠦᠬᠦᠨ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠲᠠ ᠪᠦᠬᠦᠨ ᠤ ᠵᠠᠮ ᠲᠡᠭᠡᠭᠡᠪᠦᠷᠢ ᠶᠢᠨ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠠᠵᠢᠯ ᠳᠤ ᠠᠩᠬᠠᠷᠤᠯ ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ᠃     ᠬᠥᠲᠥᠯᠥᠭᠴᠢ᠄ ᠭᠦᠸᠧ ᠭᠠᠵᠠᠷ ᠤᠨ ᠳᠠᠷᠤᠭ᠎ᠠ ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠪᠣᠯ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠮᠥᠨ᠂ ᠲᠠ ᠤᠷᠢᠳᠠᠪᠠᠷ ᠥᠷᠭᠡᠨ ᠣᠯᠠᠨ ᠰᠦᠯᠵᠢᠶᠡᠨ ᠨᠠᠶᠢᠵᠠ ᠨᠠᠷ ᠲᠤ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾᠎ ᠶᠢᠨ ᠠᠭᠤᠯᠭ᠎ᠠ ᠨᠢ ᠶᠠᠭᠤ ᠪᠣᠯᠬᠤ ᠶᠢ ᠲᠠᠨᠢᠯᠴᠠᠭᠤᠯᠤᠭᠠᠳ ᠥᠭᠭᠦᠨ᠎ᠡ ᠦᠤ︖     ᠭᠦᠸᠧ ᠶᠢᠩ᠄ ᠵᠠ᠂ ᠲᠡᠭᠡ᠃ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠪᠣᠯ ᠨᠢᠭᠡ ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠭᠪᠤᠷ ᠮᠥᠨ᠂ ᠠᠷᠠᠳ ᠤᠨ ᠠᠮᠢᠳᠤᠷᠠᠯ ᠤᠨ ᠶᠡᠭᠡ ᠬᠡᠮᠵᠢᠶᠡᠨ ᠤ ᠤᠴᠢᠷ ᠶᠠᠪᠤᠳᠠᠯ ᠢ ᠬᠡᠷ ᠠᠴᠠ ᠪᠠᠨ ᠭᠠᠷᠬᠤ ᠥᠬᠡᠶ ᠪᠠᠷ᠂ ᠮᠤᠵᠢ ᠠᠴᠠ ᠭᠠᠷᠬᠤ ᠥᠬᠡᠶ ᠪᠠᠷ᠂ ᠣᠷᠣᠨ ᠪᠦᠰᠡ ᠠᠯᠤᠰᠯᠠᠨ ᠨᠢᠭᠤᠷ ᠵᠣᠯᠭᠠᠬᠤ ᠥᠬᠡᠶ ᠪᠠᠷ ᠰᠢᠶᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠮᠦᠨ ᠢᠶᠠᠷ ᠦᠨᠳᠦᠰᠦ ᠪᠣᠯᠭᠠᠭᠰᠠᠨ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠳᠤ ᠤᠷᠤᠭᠰᠠᠨ ᠤ ᠲᠠᠷᠠᠭ᠎ᠠ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠯᠠᠨ ᠡᠰᠢᠵᠢᠬᠦᠯᠵᠤ᠂ ᠡᠳᠡᠭᠡᠷ ᠬᠦᠰᠡᠯ ᠱᠠᠭᠠᠷᠳᠠᠯᠭ᠎ᠠ ᠶᠢ ᠰᠢᠶᠳᠪᠦᠷᠢᠲᠦ ᠪᠤᠳᠤᠯᠭ᠎ᠠ ᠲᠣᠭᠲᠠᠭᠠᠭᠴᠢ ᠳᠤ ᠴᠠᠭ ᠲᠤᠬᠠᠶ ᠳᠤᠨᠢ᠂ ᠣᠨᠣᠪᠴᠢᠲᠠᠶ᠂ ᠪᠦᠬᠦ ᠲᠠᠯ᠎ᠠ ᠪᠠᠷ ᠳᠠᠮᠵᠢᠭᠤᠯᠵᠤ ᠴᠢᠳᠠᠬᠤ ᠡᠰᠡᠬᠦ ᠨᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠠᠶᠢᠬᠤ ᠡᠰᠡᠬᠦ᠂ ᠰᠢᠨᠵᠢᠯᠡᠬᠦ ᠤᠬᠠᠭᠠᠨᠴᠢ ᠪᠠᠷ ᠬᠥᠭᠵᠢᠵᠦ ᠴᠢᠳᠠᠬᠤ ᠡᠰᠡᠬᠦ᠂ ᠬᠦᠰᠡᠯ ᠡᠷᠡᠮᠡᠯᠵᠡᠯ ᠢᠶᠠᠨ ᠪᠡᠶᠡᠯᠡᠭᠦᠯᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ ᠃ ᠡᠭᠦᠨ ᠤ ᠲᠤᠯᠠᠳᠠ᠂ ᠡᠯ᠎ᠡ ᠱᠠᠲᠤᠨ ᠤ ᠵᠠᠰᠠᠭ ᠤᠨ ᠣᠷᠳᠣᠨ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠮᠢᠳᠤᠷᠠᠯ ᠤᠨ ᠨᠡᠶᠢᠲᠡᠯᠢᠭ ᠴᠢᠨᠠᠷ ᠪᠠ ᠬᠦᠴᠢᠷ ᠠᠰᠠᠭᠤᠳᠠᠯ ᠢ ᠦᠨᠡᠨᠬᠦ ᠭᠦᠨᠵᠡᠭᠡᠶ ᠣᠶᠢᠯᠠᠭᠠᠵᠤ᠂ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠠᠨᠠᠭᠤᠯᠭ᠎ᠠ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠯᠡᠵᠦ᠂ ᠵᠠᠳᠠᠯᠤᠨ ᠰᠤᠳᠤᠯᠵᠤ ᠮᠠᠭᠠᠳᠯᠠᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠴᠢᠷᠳᠡᠯ᠂ ᠡᠪᠡᠷᠰᠢᠶᠡᠯ᠂ ᠬᠦᠴᠢᠷᠳᠡᠯ ᠢ ᠣᠨᠣᠪᠴᠢᠲᠠᠶ ᠡᠷᠢᠨ ᠣᠯᠵᠤ᠂ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠵᠣᠯᠭᠠᠯᠴᠠᠭ᠎ᠠ ᠶᠢ ᠨᠠᠷᠢᠯᠢᠭ ᠣᠨᠣᠴᠠᠲᠠᠶ ᠪᠣᠯᠭᠠᠵᠤ᠂ ᠠᠵᠤ ᠠᠬᠤᠶᠢᠯᠠᠯ ᠪᠠ ᠤᠯᠠᠨ ᠲᠦᠮᠡᠨ ᠤ ᠣᠨᠳᠣᠣ ᠭᠠᠵᠠᠷ ᠲᠤ ᠠᠵᠢᠯ ᠶᠠᠪᠤᠳᠠᠯ ᠬᠢᠬᠦ ᠳᠤ ᠲᠤᠯᠭᠠᠷᠠᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠪᠠ ︽ᠤᠯᠠᠨ ᠭᠠᠵᠠᠷ ᠲᠤ ᠭᠦᠶᠦᠬᠦ︾᠂ ︽ᠡᠷᠭᠢᠵᠦ ᠭᠦᠶᠦᠬᠦ︾ ᠵᠡᠷᠭᠡ ᠦᠵᠡᠭᠳᠡᠯ ᠤᠨ ᠪᠣᠳᠠᠲᠠᠶ ᠪᠤᠢ ᠪᠣᠯᠤᠭᠰᠠᠨ ᠰᠢᠯᠲᠠᠭᠠᠨ ᠢ ᠣᠯᠵᠤ ᠮᠡᠳᠡᠬᠦ ᠬᠡᠷᠡᠭᠲᠡᠶ᠃ 2020 ᠣᠨ ᠤ 9 ᠰᠠᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ︿ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ﹀᠎ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ 140 ᠵᠦᠶᠯ ᠤᠨ ᠪᠥᠬᠦ ᠤᠯᠤᠰ ᠤᠨ ᠥᠨᠳᠥᠷ ᠲᠠᠪᠳᠠᠮᠵᠢᠳᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠵᠦᠶᠯᠡᠰ ᠤᠨ ᠲᠣᠳᠣᠷᠬᠠᠶ ᠬᠠᠭᠤᠳᠠᠰᠤ ᠶᠢ ᠳᠤᠷᠠᠳᠤᠨ ᠭᠠᠷᠭᠠᠪᠠ᠂ ᠡᠨᠡ ᠨᠢ ᠵᠠᠭᠤ ᠭᠠᠷᠤᠶ ᠵᠦᠶᠯᠡᠰ ᠲᠤ ᠬᠤᠯᠪᠣᠭᠳᠠᠵᠤ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠮ ᠬᠠᠷᠢᠯᠴᠠᠭ᠎ᠠ ᠵᠡᠷᠭᠡ ᠣᠯᠠᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠬᠠᠮᠤᠷᠴᠠᠶ᠃     ᠬᠥᠲᠥᠯᠥᠭᠴᠢ᠄ ᠲᠡᠭᠡᠪᠡᠯ ᠵᠠᠮ ᠲᠡᠭᠡᠭᠡᠪᠦᠷᠢ ᠶᠢᠨ ᠠᠵᠢᠯ ᠲᠥᠷᠥᠯ ᠳᠤ ᠠᠪᠴᠤ ᠬᠡᠯᠡᠪᠡᠯ᠂ ︽ᠮᠤᠵᠢ ᠠᠯᠤᠰᠯᠠᠨ ᠨᠡᠶᠢᠳᠡᠮ ᠡᠷᠭᠢᠯᠡᠬᠦ︾ ᠲᠤᠬᠠᠶᠢᠯᠠᠭᠰᠠᠨ ᠠᠵᠢᠯ ᠨᠢ ᠶᠠᠭᠠᠬᠢᠭᠠᠳ ᠭᠤᠤᠯᠳᠠᠭᠤ ᠵᠠᠮ ᠲᠡᠭᠡᠭᠡᠪᠦᠷᠢ ᠶᠢᠨ ᠠᠵᠢᠯ ᠲᠥᠷᠥᠯ ᠳᠤ ᠲᠥᠪᠯᠡᠷᠡᠵᠦ ᠪᠠᠶᠢᠳᠠᠭ ᠪᠣᠶ︖   ᠭᠦᠸᠧ ᠶᠢᠩ ᠄ ᠵᠠᠮ ᠲᠡᠭᠡᠭᠡᠪᠦᠷᠢ ᠪᠣᠯ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠰᠠᠭᠤᠷᠢ ᠴᠢᠨᠠᠷᠲᠠᠶ ᠦᠶᠯᠡᠴᠢᠯᠡᠭᠡᠨ ᠤ ᠠᠵᠢᠯ ᠲᠥᠷᠥᠯ ᠪᠣᠯᠤᠨ᠎ᠠ᠃ ᠡᠳ᠋ ᠪᠠᠷᠠᠭ᠎ᠠ ᠲᠡᠭᠡᠭᠡᠪᠦᠷᠢᠯᠡᠬᠦ ᠠᠷᠭ᠎ᠠ ᠮᠠᠶ᠋ᠢᠭ ᠠᠴᠠ ᠠᠪᠴᠤ ᠦᠵᠡᠪᠡᠯ᠂ ᠵᠠᠰᠠᠮᠠᠯ ᠵᠠᠮ ᠤᠨ ᠲᠡᠭᠡᠭᠡᠪᠦᠷᠢ ᠨᠢ ᠣᠳᠣᠬᠠᠨ ᠳᠤ ᠮᠥᠨ ᠯᠡ ᠮᠠᠨ ᠤ ᠤᠯᠤᠰ ᠤᠨ ᠡᠳ᠋ ᠪᠠᠷᠠᠭ᠎ᠠ ᠲᠡᠭᠡᠭᠡᠪᠦᠷᠢᠯᠡᠬᠦ ᠠᠵᠢᠯ ᠲᠦᠷᠦᠯ ᠤᠨ ᠭᠤᠣᠯᠯᠠᠬᠤ ᠪᠠᠶᠢᠷᠢ ᠶᠢ ᠡᠵᠡᠯᠡᠵᠦ ᠪᠠᠶᠢᠨ᠎ᠠ᠃ 2021 ᠣᠨ ᠳᠤ ᠪᠦᠬᠦ ᠤᠯᠤᠰ ᠤᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 391.4 ᠳ᠋ᠦᠩᠰᠢᠭᠤᠷ ᠲᠣᠨ ᠳᠤ ᠬᠦᠷᠴᠦ᠂ ᠪᠦᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠶᠢᠨ 70%᠎ ᠠᠴᠠ ᠳᠡᠭᠡᠭᠰᠢᠬᠢ ᠶᠢ ᠡᠵᠡᠯᠡᠪᠡ᠃ ᠮᠠᠨ ᠤ ᠣᠷᠣᠨ ᠤ ᠪᠣᠳᠠᠲᠠᠶ ᠲᠤᠭ᠎ᠠ ᠪᠠᠷᠢᠮᠲᠠ ᠠᠴᠠ ᠦᠵᠡᠪᠡᠯ᠂ 2021 ᠣᠨ ᠳᠤ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠪᠠ ᠡᠷᠭᠢᠯᠲᠡ ᠶᠢᠨ ᠬᠡᠮᠵᠢᠶ᠎ᠡ ᠶᠢ ᠨᠡᠶᠢᠲᠡ 13.3 ᠳ᠋ᠦᠩᠰᠢᠭᠤᠷ ᠲᠣᠨ᠂ 2218.5 ᠳ᠋ᠦᠩᠰᠢᠭᠤᠷ ᠲᠣᠨ ᠺᠢᠯᠣᠮᠧᠲᠷ ᠪᠡᠶᠡᠯᠡᠭᠦᠯᠵᠦ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠳᠤ ᠡᠵᠡᠯᠡᠬᠦ ᠬᠠᠷᠢᠴᠠᠯ ᠨᠢ 61% ᠪᠠ 41.3%᠎ ᠳᠤ ᠬᠦᠷᠴᠡᠶ᠂ ᠣᠷᠳᠣ ᠬᠤᠭᠤᠴᠠᠭᠠᠨ ᠤ ᠲᠤᠷᠰᠢ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ ᠨᠢᠭᠡᠳᠦᠭᠡᠷ ᠹᠷᠣᠨᠲ ᠲᠤ ᠬᠦᠷᠴᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠶᠯᠡᠴᠢᠯᠡᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠵᠠᠮ ᠲᠡᠭᠡᠭᠡᠪᠦᠷᠢ ᠶᠢᠨ ᠦᠶᠯᠡᠰ ᠤᠨ ᠰᠢᠯᠵᠢᠯᠲᠡ ᠶᠢᠨ ᠴᠢᠨᠠᠷ ᠢᠶᠠᠷ ᠴᠢᠩᠭ᠎ᠠ᠂ ᠥᠷᠭᠡᠨ ᠣᠯᠠᠨ ᠵᠠᠮ ᠲᠡᠭᠡᠭᠡᠪᠦᠷᠢ ᠶᠢᠨ ᠵᠢᠯᠣᠭᠤᠴᠢ ᠶᠢᠨ ᠵᠢᠯ ᠲᠤᠷᠰᠢ ᠭᠠᠳᠠᠨ᠎ᠠ ᠣᠷᠣᠨ ᠳᠤ ᠶᠠᠪᠤᠵᠤ ᠲᠡᠭᠡᠭᠡᠪᠦᠷᠢᠯᠡᠬᠦ ᠦᠵᠡᠭᠳᠡᠯ ᠲᠣᠪᠤᠶᠢᠮ᠎ᠠ ᠪᠠᠶᠢᠵᠤ᠂ ᠲᠡᠷᠭᠡ ᠬᠥᠰᠬᠡ ᠶᠢᠨ ᠣᠨ ᠤ ᠬᠢᠨᠠᠯᠲᠠ᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠵᠡᠷᠭᠡ ᠵᠦᠶᠯᠡᠰ ᠢ ᠭᠦᠶᠴᠡᠳᠬᠡᠬᠦ ᠳᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠣᠴᠢᠵᠤ ᠭᠦᠶᠴᠡᠳᠬᠡᠬᠦ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠪᠣᠶ ᠪᠣᠯᠭᠠᠪᠠ᠃ ᠡᠶᠢᠮᠦ ᠠᠴᠠ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠦᠶᠯᠡᠴᠢᠯᠡᠭᠡᠨ ᠤ ᠵᠦᠶᠯᠡᠰ ᠨᠢ ᠭᠤᠤᠯᠳᠠᠭᠤ ᠵᠠᠮ ᠲᠡᠭᠡᠭᠡᠪᠦᠷᠢ ᠶᠢᠨ ᠠᠵᠢᠯ ᠲᠥᠷᠥᠯ ᠳᠤ ᠲᠥᠪᠯᠡᠷᠡᠵᠦ ᠪᠠᠶᠢᠨ᠎ᠠ᠃    ᠬᠥᠲᠥᠯᠥᠭᠴᠢ᠄ ᠭᠦᠸᠧ ᠭᠠᠵᠠᠷ ᠤᠨ ᠳᠠᠷᠤᠭ᠎ᠠ ᠂ ᠲᠠ ᠮᠠᠨ ᠤ ᠣᠷᠣᠨ ᠤ ᠵᠠᠮ ᠲᠡᠭᠡᠭᠡᠪᠦᠷᠢ ᠶᠢᠨ ᠦᠶᠯᠡᠴᠢᠯᠡᠭᠡᠨ ᠤ ᠵᠦᠶᠯᠡᠰ ᠤᠨ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠶᠡᠷᠦᠩᠬᠡᠶ ᠪᠠᠶᠢᠳᠠᠯ ᠢ ᠳᠠᠬᠢᠨ ᠨᠢᠭᠡ ᠤᠳᠠᠭ᠎ᠠ ᠲᠠᠨᠢᠯᠴᠠᠭᠤᠯᠤᠭᠠᠳ ᠥᠭᠭᠦᠨ᠎ᠡ  ᠤᠤ︖     ᠭᠦᠸᠧ ᠶᠢᠩ ᠄ ︽ᠨᠠᠰᠢ ᠴᠠᠰᠢ ᠶᠠᠪᠤᠬᠤ ᠮᠢᠩᠭᠠᠨ ᠭᠠᠵᠠᠷ ᠤᠨ ᠵᠠᠮ︾᠎ ᠠᠴᠠ ︽ᠰᠦᠯᠵᠢᠶᠡᠨ ᠳᠡᠭᠡᠷ᠎ᠡ ᠠᠷᠪᠠᠨ ᠮᠢᠨᠦ᠋ᠲ︾ ᠪᠣᠯᠤᠭᠰᠠᠨ ᠶᠠᠪᠤᠳᠠᠯ ᠪᠣᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠶᠢᠨ ᠨᠢᠭᠡᠨ ᠬᠤᠷᠢᠶᠠᠩᠭᠤᠶ ᠳᠦᠷᠰᠦ ᠮᠥᠨ ᠃ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠵᠤ ᠪᠠᠶᠢᠭ᠎ᠠ ᠪᠠᠶᠢᠳᠠᠯ ᠳᠣᠣᠷ᠎ᠠ᠂ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠬᠡᠷᠡᠭᠴᠡᠭᠡ ᠨᠡᠩ ᠲᠣᠪᠤᠶᠢᠮ᠎ᠠ ᠪᠣᠯᠵᠤ ᠪᠠᠶᠢᠨ᠎ᠠ᠃ ᠲᠥᠷᠥ ᠶᠢᠨ ᠶᠠᠪᠤᠳᠠᠯ ᠤᠨ ᠦᠶᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾᠎ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠳᠠᠷᠦ᠋ᠢᠬᠠᠨ ᠬᠥᠳᠡᠯᠦᠯᠴᠡᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠵᠢᠯ ᠤᠨ ᠵᠦᠭᠯᠡᠭᠦᠷ ᠪᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠲᠤᠬᠠᠶᠢᠯᠠᠭᠰᠠᠨ ᠠᠵᠢᠯ ᠤᠨ ᠴᠢᠳᠠᠮᠵᠢ ᠪᠠ ᠵᠠᠯᠭᠠᠭᠠᠰᠤ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠦᠳᠲᠡᠷ ᠲᠦᠷᠭᠡᠨ ᠲᠡᠭᠦᠯᠳᠡᠷᠵᠢᠭᠦᠯᠪᠡ᠃ 2021 ᠣᠨ ᠤ 8 ᠳ᠋ᠤᠭᠠᠷ ᠰᠠᠷ᠎ᠠ ᠶᠢᠨ 31᠎ ᠤ ᠡᠳᠦᠷ᠂ ᠮᠠᠨ ᠤ ᠣᠷᠣᠨ ᠤ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠥᠨᠳᠥᠷ ᠲᠠᠪᠳᠠᠮᠵᠢᠳᠤ ᠦᠶᠯᠡᠴᠢᠯᠡᠭᠡᠨ ᠤ ᠵᠦᠶᠯᠡᠰ ᠢ ᠬᠡᠷ ᠠᠴᠠ ᠪᠠᠨ ᠭᠠᠷᠬᠤ ᠥᠬᠡᠶ ᠪᠠᠷ ᠭᠦᠶᠴᠡᠳᠬᠡᠬᠦ᠂ ᠣᠷᠣᠨ ᠠᠴᠠ ᠭᠠᠷᠴᠤ ᠭᠦᠶᠴᠡᠳᠬᠡᠬᠦ ᠬᠡᠷᠡᠭ ᠥᠬᠡᠶ᠂ ᠣᠷᠣᠨ ᠪᠦᠰᠡ ᠠᠯᠤᠰᠯᠠᠨ ᠵᠣᠯᠭᠠᠭᠤᠯᠬᠤ ᠥᠬᠡᠶ ᠪᠠᠷ ᠭᠦᠶᠴᠡᠳᠬᠡᠬᠦ ᠶᠢ ᠪᠡᠶᠡᠯᠡᠭᠦᠯᠪᠡ᠃ ᠲᠡᠭᠡᠭᠡᠪᠦᠷᠢ ᠶᠢᠨ ᠦᠶᠯᠡᠴᠢᠯᠡᠭᠡ ᠶᠢ ᠭᠦᠶᠴᠡᠳᠬᠡᠬᠦ ᠠᠷᠭ᠎ᠠ ᠵᠠᠮ ᠤᠨ ᠬᠤᠭᠤᠴᠠᠭᠠᠲᠤ ᠴᠢᠨᠠᠷ ᠢ ᠨᠠᠩ ᠴᠢᠩᠭ᠎ᠠ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠯ ᠤᠨ ᠬᠡᠮᠵᠢᠶ᠎ᠡ ᠶᠢ ᠨᠠᠩ ᠭᠦᠨ ᠪᠣᠯᠭᠠᠵᠤ᠂ ᠵᠢᠯᠣᠭᠤᠴᠢ ᠶᠢᠨ ᠮᠡᠳᠡᠬᠦ ᠬᠡᠮᠵᠢᠶ᠎ᠡ ᠶᠢ ᠨᠠᠩ ᠥᠨᠳᠥᠷ ᠪᠣᠯᠭᠠᠵᠤ᠂ ᠠᠵᠢᠯᠯᠠᠵᠤ ᠪᠠᠶᠢᠭ᠎ᠠ ᠬᠥᠮᠦᠰ ᠤᠨ ᠦᠶᠯᠡᠴᠢᠯᠡᠭᠡᠨ ᠤ ᠬᠡᠪᠴᠢᠶ᠎ᠡ ᠶᠢ ᠨᠠᠩ ᠥᠷᠭᠡᠨ ᠪᠣᠯᠭᠠᠬᠤ ᠶᠢᠨ ᠲᠥᠯᠥᠭᠡ᠂ ᠪᠢᠳᠡ ᠵᠠᠮ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠳᠡᠶᠢᠯᠬᠦ ᠠᠯᠢ ᠣᠯᠠᠨ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃     ᠨᠢᠭᠡ ᠳᠤ᠂ ᠬᠡᠷᠡᠭ ᠡᠷᠭᠢᠯᠡᠬᠦ ᠲᠢᠩᠬᠢᠮ ᠤᠨ ᠡᠭᠦᠳᠡ᠂ ᠬᠡᠷᠡᠭ ᠡᠷᠭᠢᠯᠡᠬᠦ ᠴᠣᠩᠬᠤ᠂ ᠲᠡᠭᠡᠭᠡᠪᠦᠷᠢ ᠶᠢᠨ ᠲᠠᠯᠠᠪᠤᠷ ᠥᠷᠲᠡᠭᠡ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ᠂ ︽ᠵᠢᠯᠣᠭᠤᠴᠢ ᠶᠢᠨ ᠬᠡᠷ︾᠂ ᠦᠶᠯᠡᠴᠢᠯᠡᠭᠡᠨ ᠤ ᠲᠣᠭᠤᠷᠢᠭ ᠵᠡᠷᠭᠡ ᠲᠠᠯᠠᠪᠤᠷ ᠭᠠᠵᠠᠷ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠸᠢᠴᠠᠲ ᠤᠨ ᠨᠡᠶᠢᠲᠡ ᠶᠢᠨ ᠳ᠋ᠤᠭᠠᠷ᠂ ᠣᠬᠤᠷ ᠬᠠᠷᠠᠭᠠᠨ ᠳᠠᠪᠲᠠᠮᠵᠢ᠂ ᠪᠢᠴᠢᠯ ᠪᠯᠤᠭ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠵᠢᠯᠣᠭᠤᠴᠢ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃    ᠬᠤᠶᠠᠷ ᠲᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠣᠩᠬᠤᠨ ᠤ ᠠᠵᠢᠯᠲᠠᠨ᠂ 12328  ᠤᠲᠠᠰᠤᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠲᠡᠳᠡᠨ ᠤ ᠵᠠᠮ ᠲᠡᠭᠡᠭᠡᠪᠦᠷᠢ ᠶᠢᠨ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠤᠵᠢ ᠠᠯᠤᠰᠯᠠᠨ ᠰᠢᠭᠤᠳ ᠰᠢᠶᠳᠪᠦᠷᠢᠯᠡᠬᠦ︾ ᠬᠠᠮᠢᠶ᠎ᠠ ᠪᠥᠬᠦᠶ ᠲᠣᠭᠲᠠᠭᠠᠯ᠂ ᠭᠦᠶᠴᠡᠳᠬᠡᠬᠦ ᠶᠠᠪᠤᠴᠠ᠂ ᠴᠢᠬᠤᠯᠠ ᠨᠥᠬᠦᠴᠡᠯ ᠤᠨ ᠬᠢᠨᠠᠨ ᠬᠠᠷᠭᠤᠭᠤᠯᠤᠯᠲᠠ ᠵᠡᠷᠭᠡ ᠶᠢ ᠰᠠᠶᠢᠨ ᠮᠡᠳᠡᠬᠦ ᠶᠢ ᠦᠨᠡᠨᠬᠦ ᠪᠠᠲᠤᠯᠠᠵᠤ᠂ ᠵᠠᠮ ᠲᠡᠭᠡᠭᠡᠪᠦᠷᠢ ᠶᠢᠨ ᠠᠵᠢᠯ ᠡᠷᠬᠢᠯᠡᠭᠰᠡᠳ ᠪᠠ ᠡᠵᠡᠩᠨᠡᠭᠴᠢᠳ ᠤᠨ ᠬᠤᠯᠪᠣᠭᠳᠠᠯ ᠪᠥᠬᠦᠶ ︽ᠮᠤᠵᠢ ᠠᠯᠤᠰᠯᠠᠨ ᠰᠢᠭᠤᠳ ᠰᠢᠶᠳᠪᠦᠷᠢᠯᠡᠬᠦ︾ ᠯᠠᠪᠯᠠᠭ᠎ᠠ ᠳᠤ ᠬᠠᠷᠢᠭᠤᠯᠲᠠ ᠥᠭᠬᠦ ᠦᠨᠳᠦᠰᠦᠨ ᠴᠢᠳᠠᠪᠤᠷᠢ ᠶᠢ ᠪᠦᠷᠢᠳᠦᠭᠦᠯᠦᠨ᠎ᠡ᠃     ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ ᠲᠤᠬᠠᠶᠢᠯᠠᠭᠰᠠᠨ ᠠᠵᠢᠯ ᠤᠨ ᠭᠦᠶᠴᠡᠳᠬᠡᠬᠦ ᠯᠠᠪᠯᠠᠯᠭ᠎ᠠ ᠶᠢᠨ ︽ᠮᠠᠳᠠᠭ ᠲᠠᠢ ᠠᠰᠠᠭᠤᠳᠠᠯ ᠢ ᠰᠢᠶᠳᠪᠦᠷᠢᠯᠡᠬᠦ᠂ ᠬᠠᠪᠰᠤᠷᠤᠨ ᠭᠦᠶᠴᠡᠳᠬᠡᠬᠦ᠂ ᠣᠷᠣᠯᠠᠨ ᠭᠦᠶᠴᠡᠳᠬᠡᠬᠦ︾ ᠦᠶᠯᠡᠴᠢᠯᠡᠭᠡ ᠬᠠᠩᠭᠠᠵᠤ᠂ ᠣᠨᠳᠣᠤ ᠭᠠᠵᠠᠷ ᠤᠨ ᠴᠣᠩᠬᠤᠪᠴᠢ ᠶᠢᠨ ᠰᠦᠯᠵᠢᠶᠡᠨ ᠳᠡᠭᠡᠷ᠎ᠡ ᠲᠤᠰᠠᠯᠠᠬᠤ ᠭᠤᠶᠤᠴᠢᠯᠠᠯ ᠢ ᠢᠳᠡᠪᠬᠢᠲᠡᠶ ᠪᠠᠷ ᠬᠡᠷᠡᠭᠯᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠬᠢᠵᠠᠭᠠᠷᠯᠠᠯ ᠢ ᠡᠪᠳᠡᠨ᠎ᠡ᠃ ᠲᠤᠬᠠᠶᠢᠯᠠᠭᠰᠠᠨ ᠠᠵᠢᠯ ᠢ ᠭᠦᠶᠴᠡᠳᠬᠡᠬᠦ ᠠᠵᠢᠯᠯᠠᠭᠠᠨ ᠤ ᠭᠠᠷ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠬᠦ ᠶᠢ ᠳᠠᠭᠠᠯᠳᠤᠨ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠨᠡᠶᠢᠲᠡᠯᠡᠵᠦ᠂ ᠥᠷᠭᠡᠨ ᠣᠯᠠᠨ ᠠᠵᠢᠯᠯᠠᠭᠰᠠᠳ ᠪᠠ ᠡᠵᠡᠩᠨᠡᠭᠴᠢᠳ ᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠲᠥᠬᠦᠮ᠂ ᠲᠦᠷᠭᠡᠨ᠂ ᠵᠢᠷᠤᠮᠵᠢᠯ ᠲᠠᠢ ᠭᠦᠶᠴᠡᠳᠬᠡᠬᠦ ᠳᠤ ᠲᠥᠬᠦᠮ ᠪᠣᠯᠭᠠᠬᠤ ᠬᠡᠷᠡᠭᠲᠡᠶ᠃ ᠠᠵᠢᠯ ᠤᠨ ᠮᠠᠳᠠᠭ ᠲᠠᠢ ᠠᠰᠠᠭᠤᠳᠠᠯ ᠢ ᠬᠠᠷᠢᠭᠤᠯᠬᠤ ᠪᠦᠯᠬᠦᠮ ᠢ ᠪᠠᠶᠢᠭᠤᠯᠵᠤ᠂ ᠡᠯ᠎ᠡ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠣᠯᠠᠨ ᠲᠦᠮᠡᠨ ᠤ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠠᠵᠢᠯ ᠤᠨ ᠠᠰᠠᠭᠤᠳᠠᠯ ᠢ ᠴᠤᠭᠯᠠᠭᠤᠯᠵᠤ᠂ ᠮᠡᠷᠭᠡᠵᠢᠯ ᠤᠨ ᠳᠡᠮᠵᠢᠯᠭᠡ ᠦᠵᠡᠭᠦᠯᠬᠦ ᠨᠢᠭᠡᠴᠡ ᠶᠢᠨ ᠬᠢᠨ ᠢᠳᠡᠪᠬᠢᠲᠡᠶ ᠪᠠᠷ ᠮᠥᠷᠳᠡᠨ ᠳᠠᠭᠠᠵᠤ ᠰᠢᠶᠳᠪᠦᠷᠢᠯᠡᠬᠦ ᠬᠡᠷᠡᠭᠲᠡᠶ᠃ ᠭᠤᠶᠤᠴᠢᠯᠠᠯ ᠤᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠲᠤᠬᠠᠶᠢᠯᠠᠭᠰᠠᠨ ᠠᠵᠢᠯ ᠳᠤ᠂ ᠵᠢᠯᠣᠭᠤᠴᠢ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠵᠢᠯᠣᠭᠤᠳᠣᠯᠭ᠎ᠠ ᠭᠠᠷᠭᠠᠨ ᠠᠯᠬᠤᠮ ᠳᠠᠷᠠᠭ᠎ᠠ ᠶᠢᠨ ᠶᠣᠰᠣᠭᠠᠷ ᠭᠦᠶᠴᠡᠳᠬᠡᠨ᠎ᠡ᠃   ᠳᠥᠷᠪᠡ ᠳᠤ ᠂ ᠲᠤᠬᠠᠶᠢᠯᠠᠭᠰᠠᠨ ᠠᠵᠢᠯ ᠤᠨ ᠭᠦᠶᠴᠡᠳᠬᠡᠬᠦ ᠰᠢᠰᠲ᠋ᠧᠮ ᠢ ᠤᠯᠠᠮ ᠨᠢᠭᠡ ᠠᠯᠬᠤᠮ ᠲᠠᠰ ᠳᠡᠪᠰᠢᠭᠦᠯᠦᠨ ᠲᠡᠭᠦᠯᠳᠡᠷᠵᠢᠭᠦᠯᠬᠦ ᠶᠢᠨ ᠲᠥᠯᠥᠭᠡ᠂ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠲᠤᠬᠠᠶᠢᠯᠠᠭᠰᠠᠨ ᠠᠵᠢᠯ ᠳᠤ ᠬᠤᠯᠪᠣᠭᠳᠠᠭᠰᠠᠨ 7 ᠰᠢᠰᠲ᠋ᠧᠮ ᠳᠤ ᠬᠡᠷᠡᠭᠰᠡᠬᠦ ᠡᠯ᠎ᠡ ᠲᠥᠷᠥᠯ ᠤᠨ ᠲᠤᠭ᠎ᠠ ᠪᠠᠷᠢᠮᠲᠠ ᠶᠢ 1 ᠰᠢᠰᠲ᠋ᠧᠮ ᠳᠤ ᠡᠮᠬᠢᠳᠬᠡᠨ ᠣᠷᠣᠭᠤᠯᠬᠤ ᠶᠢᠨ ᠬᠠᠮᠲᠤ᠂ ᠠᠳᠠᠯᠢ ᠪᠤᠰᠤ ᠰᠢᠰᠲ᠋ᠧᠮ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠠᠳᠠᠯᠢ ᠠᠯᠬᠤᠮ ᠢᠶᠠᠷ ᠰᠢᠨᠡᠳᠬᠡᠬᠦ ᠶᠢ ᠦᠨᠡᠨ ᠬᠦ ᠪᠠᠲᠤᠯᠠᠨ᠎ᠠ᠃ ᠦᠷᠭᠦᠯᠵᠢᠯᠡᠭᠰᠡᠨ ᠬᠥᠮᠦᠵᠢᠯ ᠪᠣᠯᠪᠠᠰᠤᠷᠠᠭᠤᠯᠤᠯ ᠤᠨ ᠲᠡᠮᠳᠡᠭᠯᠡᠯ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ ᠤᠨ ᠰᠤᠷᠤᠯᠭ᠎ᠠ ᠲᠡᠭᠦᠰᠦᠭᠰᠡᠨ ᠦᠨᠡᠮᠯᠡᠯ᠂ ᠮᠠᠰᠢᠨᠲᠤ ᠲᠡᠷᠭᠡᠨ ᠤ ᠮᠡᠷᠭᠡᠵᠢᠯ ᠤᠨ ᠵᠡᠷᠭᠡ ᠳᠡᠰ ᠢ ᠦᠨᠡᠯᠡᠨ ᠲᠣᠭᠲᠠᠭᠠᠭᠰᠠᠨ ᠮᠡᠳᠡᠭᠦᠯᠦᠯᠲᠡ᠂ ᠲᠡᠷᠭᠡ ᠬᠥᠰᠬᠡ ᠶᠢ ᠰᠦᠯᠵᠢᠶᠡᠵᠢᠭᠦᠯᠦᠨ ᠬᠤᠯᠪᠣᠭᠠᠯᠠᠨ ᠡᠵᠡᠮᠳᠡᠭᠰᠡᠨ ᠲᠡᠮᠳᠡᠭᠯᠡᠯ ᠵᠡᠷᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠪᠠᠶᠢᠴᠠᠭᠠᠨ ᠯᠠᠪᠯᠠᠬᠤ᠂ ᠬᠠᠷᠭᠤᠭᠤᠯᠤᠨ ᠰᠢᠯᠭᠠᠵᠤ ᠳᠡᠶᠢᠯᠬᠦ ᠳᠤ ᠭᠦᠷᠪᠡᠯ᠂ ᠴᠥᠮ ᠭᠤᠶᠤᠴᠢᠯᠠᠭᠴᠢ ᠶᠢ ᠮᠠᠲ᠋ᠧᠷᠢᠶᠠᠯ ᠳᠡᠭᠡᠭᠰᠢ ᠳᠠᠮᠵᠢᠭᠤᠯᠬᠤ ᠶᠢ ᠱᠠᠭᠠᠷᠳᠠᠬᠤ ᠥᠬᠡᠶ᠃ ᠡᠭᠦᠨ ᠤ ᠬᠠᠮᠲᠤ᠂ ᠰᠢᠰᠲ᠋ᠧᠮ ᠤᠨ ᠠᠦ᠋ᠲ᠋ᠣ᠋ ᠬᠢᠨᠠᠨ ᠰᠢᠯᠭᠠᠬᠤ ᠴᠢᠳᠠᠮᠵᠢ ᠶᠢ ᠴᠢᠩᠭᠠᠷᠠᠭᠤᠯᠵᠤ᠂ ᠰᠢᠰᠲ᠋ᠧᠮ ᠠᠴᠠ ᠲᠡᠷᠭᠡ ᠬᠥᠰᠬᠡ ᠶᠢᠨ ᠬᠢᠨᠠᠨ ᠰᠢᠯᠭᠠᠭᠰᠠᠨ ᠲᠤᠭ᠎ᠠ ᠪᠠᠷᠢᠮᠲᠠ ᠵᠢᠴᠢ ᠪᠠᠷᠢᠮᠵᠢᠶ᠎ᠠ ᠶᠢ ᠦᠨᠳᠦᠰᠦᠯᠡᠨ᠂ ᠡᠯ᠎ᠡ ᠬᠢᠨᠠᠨ ᠰᠢᠯᠭᠠᠬᠤ ᠲᠥᠷᠥᠯ ᠵᠦᠶᠯ ᠢ ᠠᠦ᠋ᠲ᠋ᠣ᠋ ᠬᠢᠨᠠᠨ ᠰᠢᠯᠭᠠᠬᠤ ᠶᠢᠨ ᠬᠠᠮᠲᠤ ᠬᠢᠨᠠᠨ ᠰᠢᠯᠭᠠᠬᠤ ᠪᠠᠷᠢᠮᠵᠢᠶ᠎ᠠ ᠳᠤ ᠨᠡᠶᠢᠴᠡᠬᠦ ᠥᠬᠡᠶ ᠲᠡᠷᠭᠡ ᠬᠥᠰᠬᠡ ᠶᠢ ᠰᠢᠭᠰᠢᠨ ᠪᠠᠶᠢᠴᠠᠭᠠᠵᠤ᠂ ᠬᠥᠮᠦᠨ ᠤ ᠬᠦᠴᠦ ᠪᠠᠷ ᠬᠢᠨᠠᠨ ᠰᠢᠯᠭᠠᠵᠤ ᠬᠢᠨᠠᠨ ᠪᠠᠶᠢᠴᠠᠭᠠᠬᠤ ᠠᠵᠢᠯ ᠤᠨ ᠬᠡᠮᠵᠢᠶ᠎ᠡ ᠶᠢ ᠪᠠᠭᠠᠰᠬᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠶᠢᠷ᠎ᠠ ᠶᠢᠨ ᠬᠤᠭᠤᠴᠠᠭᠠᠨ ᠳᠤ ᠪᠠᠰᠠ ᠪᠠᠷᠠᠭᠠᠨ ᠤ ᠲᠡᠷᠭᠡ ᠶᠢᠨ ᠣᠨ ᠤ ᠬᠢᠨᠠᠯᠲᠠ᠂ ᠵᠢᠯᠣᠭᠤᠴᠢ ᠶᠢᠨ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠵᠢᠴᠢ ᠦᠨᠡᠮᠯᠡᠯ ᠤᠨ ᠬᠤᠭᠤᠴᠠᠭ᠎ᠠ ᠨᠢ ᠲᠤᠯᠪᠠᠯ ᠤᠷᠢᠳᠴᠢᠯᠠᠨ ᠰᠠᠨᠠᠭᠤᠯᠬᠤ ᠦᠶᠯᠡᠴᠢᠯᠡᠭᠡ ᠶᠢ ᠨᠡᠮᠡᠭᠰᠡᠨ ᠪᠠᠶᠢᠨ᠎ᠠ᠃ 2022 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠳᠤ ᠨᠡᠶᠢᠲᠡ 5.8 ᠲᠦᠮᠡᠨ ᠬᠤᠪᠢ ᠲᠤᠬᠠᠶᠢᠯᠠᠭᠰᠠᠨ ᠠᠵᠢᠯ ᠢ ᠭᠦᠶᠴᠡᠳᠬᠡᠭᠰᠡᠨ ᠪᠠᠶᠢᠨ᠎ᠠ᠃     ᠬᠥᠲᠥᠯᠥᠭᠴᠢ᠄ ᠰᠠᠶ᠋ᠢ ᠲᠠ ︽ᠥᠨᠳᠥᠷ ᠳᠠᠪᠲᠠᠮᠵᠢ︾᠎ ᠶᠢ ᠣᠯᠠᠨᠲᠠ ᠳᠤᠷᠠᠳᠤᠭᠰᠠᠨ ᠪᠢᠯᠡ᠂ ︽ᠥᠨᠳᠥᠷ ᠳᠠᠪᠲᠠᠮᠵᠢ︾᠎ ᠶᠢᠨ ᠤᠴᠢᠷ ᠶᠠᠪᠤᠳᠠᠯ ᠳᠤ ᠶᠠᠭᠤ ᠶᠠᠭᠤ ᠪᠠᠭᠲᠠᠬᠤ ᠪᠤᠢ︖    ᠭᠦᠸᠧ ᠶᠢᠩ ᠄ ︽ᠥᠨᠳᠥᠷ ᠳᠠᠪᠲᠠᠮᠵᠢ︾ ᠭᠡᠬᠦ ᠬᠤᠶᠠᠷ ᠦᠰᠦᠭ ᠨᠢ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠬᠠᠷᠢᠭᠤ ᠥᠭᠬᠦ ᠣᠨᠣᠪᠴᠢᠲᠠᠢ ᠴᠢᠨᠠᠷ ᠢ ᠢᠯᠡᠷᠡᠭᠦᠯᠵᠦ᠂ ᠵᠠᠰᠠᠭ ᠤᠨ ᠣᠷᠳᠣᠨ ᠤ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠳᠡᠭᠡᠭᠰᠢᠯᠡᠯᠲᠡ ᠶᠢ ᠭᠦᠢᠴᠡᠳ ᠬᠠᠷᠠᠭᠤᠯᠵᠠᠢ᠃ ᠵᠠᠮ ᠲᠡᠭᠡᠭᠡᠪᠦᠷᠢ ᠶᠢᠨ ᠬᠦᠷᠢᠶᠡᠨ ᠳᠤ᠂ ᠲᠤᠬᠠᠶᠢᠯᠠᠭᠰᠠᠨ ᠠᠵᠢᠯ ᠤᠨ ᠭᠦᠶᠴᠡᠳᠬᠡᠬᠦ ᠳᠠᠪᠲᠠᠮᠵᠢ ᠶᠢ ᠦᠨᠳᠦᠰᠦᠯᠡᠨ ᠲᠥᠯᠥᠪᠯᠡᠭᠡ ᠲᠠᠢ ᠪᠠᠷ ᠲᠤᠬᠠᠶᠢᠯᠠᠭᠰᠠᠨ ᠠᠵᠢᠯ ᠤᠨ ᠰᠦᠯᠵᠢᠶᠡᠨ ᠳᠤ ᠭᠠᠷᠬᠤ ᠶᠢ ᠠᠬᠢᠭᠤᠯᠤᠨ᠎ᠠ᠃ ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠬᠠᠮᠤᠭ ᠤᠨ ᠶᠡᠭᠡ ᠪᠠᠶᠢᠪᠠᠯ᠂ ᠪᠢᠳᠡ ᠵᠠᠮ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠶᠢᠨ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾᠎ ᠶᠢ ᠤᠷᠢᠳᠠᠪᠠᠷ ᠪᠡᠶᠡᠯᠡᠭᠦᠯᠦᠭᠰᠡᠨ ᠶᠤᠮ᠃ 2022 ᠣᠨ ᠳᠤ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠰᠦᠯᠵᠢᠶᠡᠨ ᠳᠡᠭᠡᠷ᠎ᠡ ᠣᠨ ᠤ ᠬᠢᠨᠠᠨ ᠰᠢᠯᠭᠠᠯᠲᠠ ᠬᠢᠬᠦ᠂ ᠡᠩ ᠤᠨ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠢ ᠰᠦᠯᠵᠢᠶᠡᠨ ᠳᠡᠭᠡᠷ᠎ᠡ ᠭᠤᠶᠤᠴᠢᠯᠠᠬᠤ ᠵᠡᠷᠭᠡ 8 ᠵᠦᠶᠯ ᠤᠨ ᠲᠤᠬᠠᠶᠢᠯᠠᠭᠰᠠᠨ ᠠᠵᠢᠯ ᠢ ᠴᠤ ᠵᠠᠯᠭᠠᠭ᠎ᠠ ᠪᠠᠷ ᠰᠦᠯᠵᠢᠶᠡᠨ ᠳᠤ ᠣᠷᠣᠭᠤᠯᠵᠤ᠂ ᠪᠠᠰᠠ ᠦᠶᠯᠡᠴᠢᠯᠡᠭᠡᠨ ᠤ ᠦᠨᠡᠯᠡᠯᠲᠡ ᠪᠠ ᠵᠠᠭᠠᠯᠳᠤᠯᠭ᠎ᠠ ᠶᠢᠨ ᠴᠢᠳᠠᠮᠵᠢ ᠶᠢ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ᠃   ᠬᠥᠲᠥᠯᠥᠭᠴᠢ᠄ ᠭᠦᠸᠧ ᠭᠠᠵᠠᠷ ᠤᠨ ᠳᠠᠷᠤᠭ᠎ᠠ᠂ ᠲᠠ ᠪᠣᠳᠠᠲᠠᠶ ᠠᠵᠢᠯ ᠢᠶᠠᠨ ᠶᠠᠭᠠᠬᠢᠵᠤ ᠬᠢᠬᠦ ᠶᠢ ᠲᠠᠨᠢᠯᠴᠠᠭᠤᠯᠤᠭᠠᠳ ᠥᠭᠭᠦᠨ᠎ᠡ  ᠤᠤ︖    ᠭᠦᠸᠧ ᠶᠢᠩ ᠄ ᠺᠣᠮᠫᠢᠦ᠋ᠲ᠋ᠧᠷ ᠤᠨ ᠦᠵᠦᠭᠦᠷ ᠲᠤ᠂ ᠢᠨᠲ᠋ᠤᠷ ᠰᠦᠯᠵᠢᠶᠡᠨ ᠤ ᠵᠠᠮ ᠲᠡᠭᠡᠭᠡᠪᠦᠷᠢ ᠶᠢᠨ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ ᠭᠦᠶᠴᠡᠳᠬᠡᠨ᠎ᠡ᠃ ᠭᠠᠷ ᠤᠲᠠᠰᠤᠨ ᠤ ᠦᠵᠦᠭᠦᠷ ᠲᠤ ︽ᠵᠠᠮ ᠲᠡᠭᠡᠭᠡᠪᠦᠷᠢ ᠶᠢᠨ ᠬᠤᠯᠪᠣᠭ᠎ᠠ︾᠎ ᠶᠢᠨ APP ᠪᠤᠶᠤ ︽ᠵᠠᠮ ᠲᠡᠭᠡᠭᠡᠪᠦᠷᠢ ᠶᠢᠨ ᠶᠠᠪᠤᠳᠠᠯ ᠤᠨ ᠨᠢᠭᠡ ᠰᠦᠯᠵᠢᠶ᠎ᠡ ᠶᠢᠨ ᠠᠯᠪᠠᠨ ᠬᠡᠷ︾ ᠭᠡᠬᠦ ᠸᠢᠴᠠᠲ ᠤᠨ ᠵᠢᠵᠢᠭ ᠫᠷᠤᠭ᠍ᠷᠠᠮ ᠢᠶᠠᠷ ᠭᠦᠶᠴᠡᠳᠬᠡᠵᠦ ᠪᠣᠯᠤᠨ᠎ᠠ᠃ ᠵᠢᠯᠣᠭᠤᠴᠢ ᠳᠠᠩᠰᠠᠯᠠᠭᠤᠯᠤᠨ ᠲᠡᠮᠳᠡᠭᠯᠡᠵᠦ᠂ ᠦᠨᠡᠨ ᠨᠡᠷ᠎ᠡ ᠪᠠᠷ ᠢᠶᠠᠨ ᠭᠡᠷᠡᠴᠢᠯᠡᠭᠰᠡᠨ ᠤ ᠳᠠᠷᠠᠭ᠎ᠠ᠂ ᠰᠢᠰᠲ᠋ᠧᠮ ᠤᠨ ᠰᠠᠨᠠᠭᠤᠯᠤᠮᠵᠢ ᠶᠢ ᠳᠠᠭᠠᠵᠤ ᠵᠣᠬᠢᠬᠤ ᠦᠨᠡᠮᠯᠡᠯ ᠢᠶᠠᠨ ᠳᠠᠮᠵᠢᠭᠤᠯᠪᠠᠯ ᠪᠣᠯᠴᠢᠬᠠᠨ᠎ᠠ᠃ ᠡᠩ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠰᠦᠯᠵᠢᠶᠡᠨ ᠳᠡᠭᠡᠷᠡᠬᠢ ᠣᠨ ᠤ ᠬᠢᠨᠠᠯᠲᠠ ᠪᠠᠷ ᠵᠢᠱᠢᠶᠡᠯᠡᠪᠡᠯ᠂ ᠵᠢᠯᠣᠭᠤᠴᠢ ᠵᠥᠪᠬᠡᠨ ᠠᠶᠠᠯᠠᠨ ᠶᠠᠪᠤᠬᠤ ᠦᠨᠡᠮᠯᠡᠯ ᠤᠨ ᠬᠡᠷᠡᠯ ᠵᠢᠷᠤᠭ ᠭᠡᠬᠦ ᠡᠨᠡ ᠬᠦ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠬᠢᠨᠠᠨ ᠬᠠᠷᠭᠤᠭᠤᠯᠬᠤ ᠪᠠᠷ ᠲᠤᠰᠢᠶᠠᠪᠠᠯ ᠪᠣᠯᠴᠢᠬᠠᠨ᠎ᠠ᠂ ᠪᠤᠰᠤᠳ ᠮᠠᠲ᠋ᠧᠷᠢᠶᠠᠯ ᠢ ᠴᠥᠮ ᠰᠢᠰᠲ᠋ᠧᠮ ᠢᠶᠠᠷ ᠳᠠᠮᠵᠢᠭᠤᠯᠤᠨ ᠠᠦ᠋ᠲ᠋ᠣ᠋ ᠬᠠᠷᠭᠤᠭᠤᠯᠤᠨ ᠪᠠᠶᠢᠴᠠᠭᠠᠵᠤ ᠪᠣᠯᠤᠨ᠎ᠠ᠃ 2022 ᠣᠨ ᠳᠤ᠂ ᠪᠥᠬᠦ ᠣᠷᠣᠨ ᠳᠤ ᠨᠢᠭᠡᠨᠲᠡ 5 ᠲᠦᠮᠡ ᠭᠠᠷᠤᠶ ᠪᠠᠷᠠᠭᠠᠨ ᠤ ᠲᠡᠷᠭᠡ ᠲᠠᠢ ᠪᠣᠯᠤᠭᠰᠠᠨ ᠨᠢ ᠡᠨᠡ ᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠣᠨ ᠤ ᠬᠢᠨᠠᠨ ᠰᠢᠯᠭᠠᠬᠤ ᠲᠤᠬᠠᠶᠢᠯᠠᠭᠰᠠᠨ ᠠᠵᠢᠯ ᠢ ᠭᠦᠶᠴᠡᠳᠬᠡᠭᠰᠡᠨ ᠪᠠᠶᠢᠨ᠎ᠠ᠃      ᠬᠥᠲᠥᠯᠥᠭᠴᠢ᠄ ︽ᠮᠤᠵᠢ ᠠᠯᠤᠰᠯᠠᠨ ᠨᠡᠶᠢᠳᠡᠮ ᠡᠷᠭᠢᠯᠡᠬᠦ︾ ᠲᠤᠬᠠᠶᠢᠯᠠᠭᠰᠠᠨ ᠠᠵᠢᠯ ᠢ ᠰᠦᠯᠵᠢᠶᠡᠨ ᠠᠴᠠ ᠭᠠᠳᠠᠨ᠎ᠠ ᠪᠠᠰᠠ ᠬᠡᠪ ᠤᠨ ᠶᠣᠰᠣᠭᠠᠷ ᠭᠦᠶᠴᠡᠳᠬᠡᠵᠦ ᠪᠣᠯᠤᠨ᠎ᠠ  ᠤᠤ︖      ᠭᠦᠸᠧ ᠶᠢᠩ ᠄ ᠪᠣᠯᠤᠨ᠎ᠠ᠃ ᠪᠢᠳᠡ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ︽ᠬᠤᠶᠠᠷ ᠬᠥᠯ ᠢᠶᠠᠷ︾ ᠶᠠᠪᠤᠬᠤ ᠵᠠᠷᠴᠢᠮ ᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠣᠩᠬᠤᠨ ᠤ ᠠᠵᠢᠯᠲᠠᠳ ᠴᠤ ᠣᠷᠣᠯᠠᠨ ᠭᠦᠶᠴᠡᠳᠬᠡᠬᠦ ᠪᠤᠶᠤ ᠵᠢᠯᠣᠭᠤᠳᠤᠨ ᠭᠦᠶᠴᠡᠳᠬᠡᠬᠦ ᠠᠷᠭ᠎ᠠ ᠮᠠᠶ᠋ᠢᠭ ᠢᠶᠠᠷ ᠪᠥᠬᠦ ᠤᠯᠤᠰ ᠤᠨ ᠵᠠᠮ ᠲᠡᠭᠡᠭᠡᠪᠦᠷᠢ ᠶᠢᠨ ᠵᠢᠯᠣᠭᠤᠴᠢ ᠳᠤ ᠦᠶᠯᠡᠴᠢᠯᠡᠵᠦ᠂ ᠲᠣᠰ ᠭᠠᠵᠠᠷ ᠪᠠ ᠭᠠᠳᠠᠷ ᠭᠠᠵᠠᠷ ᠤᠨ ᠠᠳᠠᠯᠢ ᠪᠠᠷᠢᠮᠵᠢᠶ᠎ᠠ ᠶᠢ ᠪᠠᠲᠤᠯᠠᠨ᠎ᠠ᠃     ᠬᠥᠲᠥᠯᠥᠭᠴᠢ᠄  ᠪᠣᠯᠤᠨ᠎ᠠ᠂ ᠴᠠᠭ ᠤᠨ ᠬᠠᠷᠠᠭ᠎ᠠ ᠠᠴᠠ ᠪᠣᠯᠵᠣ᠂ ᠪᠢᠳᠡᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠭᠦᠸᠧ ᠭᠠᠵᠠᠷ ᠤᠨ ᠳᠠᠷᠤᠭ᠎ᠠ ᠶᠢᠨ ᠬᠠᠯᠠᠰᠢᠷᠠᠯ ᠦᠭᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠤ ᠨᠠᠶᠢᠵᠠ ᠨᠠᠷ ᠤᠨ ᠬᠠᠯᠠᠭᠤᠨ ᠢᠶᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃    ᠭᠦᠸᠧ ᠶᠢᠩ ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠃ ᠣᠯᠠᠨ ᠢᠶᠠᠷ ᠢᠶᠠᠨ ᠵᠠᠮ ᠲᠡᠭᠡᠭᠡᠪᠦᠷᠢ ᠶᠢᠨ ︽ᠮᠤᠵᠢ ᠠᠯᠤᠰᠯᠠᠭᠰᠠᠨ ᠨᠡᠶᠢᠳᠡᠮ ᠰᠢᠶᠳᠪᠦᠷᠢᠯᠡᠬᠦ ᠠᠯᠪᠠᠨ ᠬᠡᠷ ︾᠎ ᠤᠨ ᠠᠵᠢᠯ ᠢ ᠦᠷᠭᠦᠯᠵᠢᠯᠡᠨ ᠠᠩᠬᠠᠷᠬᠤ ᠶᠢ ᠬᠦᠰᠡᠵᠦ ᠪᠠᠶᠢᠨ᠎ᠠ᠂ ᠮᠥᠨ ᠴᠦ ᠣᠯᠠᠨ ᠢᠶᠠᠷ ᠢᠶᠠᠨ ᠵᠠᠮ ᠲᠡᠭᠡᠭᠡᠪᠦᠷᠢ ᠶᠢᠨ ᠦᠶᠯᠡᠴᠢᠯᠡᠭᠡᠨ ᠤ ᠦᠶᠯᠡᠰ ᠢ ᠦᠷᠭᠦᠯᠵᠢᠯᠡᠨ ᠠᠩᠬᠠᠷᠴᠤ᠂ ᠪᠢᠳᠡᠨ ᠳᠤ ᠡᠷᠬᠢᠮ ᠨᠠᠨᠳᠢᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ ᠃      ᠬᠥᠲᠥᠯᠥᠭᠴᠢ᠄  ᠲᠠᠯᠠᠷᠬᠠᠵᠤ ᠪᠠᠶᠢᠨ᠎ᠠ︕ 
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2