ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2022/8/3
                    ᠵᠢᠨᠢᠩ ᠵᠠᠰᠠᠭ  ﹇2022 ﹈ 42  ᠳ᠋ᠤᠭᠠᠷ ᠲᠤᠭᠠᠳᠤ︽ᠵᠢᠨᠢᠩ ᠲᠣᠭᠤᠷᠢᠭ ᠤᠨ 2022 ᠣᠨ ᠤ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ︵ᠲᠤᠷᠰᠢᠨ ᠬᠡᠷᠡᠭᠵᠢᠭᠦᠯᠬᠦ︶︾᠎ ᠶᠢ ᠨᠡᠶᠢᠲᠡᠯᠡᠬᠦ ᠲᠤᠬᠠᠶ ᠮᠡᠳᠡᠭᠳᠡᠯ   ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠲᠤ᠄    ︽ᠵᠢᠨᠢᠩ ᠲᠣᠭᠤᠷᠢᠭ ᠤᠨ 2022 ᠣᠨ ᠤ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                              ᠣᠨᠴᠠᠭᠠᠶᠢᠯᠠᠨ ᠮᠡᠳᠡᠭᠳᠡᠪᠡ                            2022 ᠣᠨ ᠤ 7 ᠰᠠᠷ᠎ᠠ ᠶᠢᠨ 28᠎ ᠤ ᠡᠳᠦᠷ                            ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠵᠢᠨᠢᠩ ᠲᠣᠭᠤᠷᠢᠭ ᠤᠨ 2022 ᠣᠨ ᠤ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶    ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠢᠷᠤᠮᠵᠢᠭᠤᠯᠤᠨ ᠬᠥᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠪᠣᠯᠤᠨ ᠰᠤᠷᠭᠠᠨ ᠬᠥᠮᠦᠵᠢᠯ ᠤᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ︾᠎ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠵᠢᠨᠢᠩ ᠲᠣᠭᠤᠷᠢᠭ ᠤᠨ ᠰᠤᠷᠬᠤ ᠨᠠᠰᠤᠨ ᠤ ᠬᠡᠤᠬᠡᠳ ᠤᠨ ᠴᠡᠴᠡᠷᠯᠢᠭ ᠲᠤ ᠣᠷᠣᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ‍ᠤ‌‍ᠲ᠋ᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠲᠤᠭᠤᠰᠢᠯᠠᠭᠤᠯᠵᠤ᠂ ᠶᠣᠰᠣ ᠮᠣᠷᠠᠯ ᠢ ᠪᠤᠶ ᠪᠣᠯᠭᠠᠨ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠠᠮᠤᠷ ᠲᠦᠪᠰᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠪᠣᠯᠭᠠᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠠᠷᠠᠳ ᠣᠯᠠᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠴᠢᠷᠮᠠᠶᠢᠨ ᠬᠠᠩᠭᠠᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃       ᠬᠤᠶᠠᠷ᠂ ᠦᠨᠳᠦᠰᠦᠨ ᠵᠠᠷᠴᠢᠮ       ︵ᠨᠢᠭᠡ︶ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠵᠠᠷᠴᠢᠮ ᠢ ᠪᠠᠷᠢᠮᠲᠠᠯᠠᠨ᠎ᠠ᠃ 2022 ᠣᠨ ᠤ ᠨᠠᠮᠤᠷ᠂ ᠵᠢᠨᠢᠩ ᠲᠣᠭᠤᠷᠢᠭ ᠨᠢ ᠤᠯᠠᠭᠠᠨᠴᠠᠪ ᠬᠤᠲᠠ ᠶᠢᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠠᠶ᠃ ᠬᠤᠲᠠ ᠶᠢᠨ ᠰᠢᠭᠤᠳ ᠬᠠᠷᠢᠶ᠎ᠠ ᠬᠡᠤᠬᠡᠳ ᠤᠨ ᠴᠡᠴᠡᠷᠯᠢᠭ ᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠠ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤ ᠪᠠᠷ ᠨᠢᠭᠡᠳᠦᠯᠲᠡᠶ ᠲᠥᠯᠥᠪᠯᠡᠨ ᠬᠡᠰᠡᠭ ᠬᠤᠪᠢᠶᠠᠨ᠎ᠠ ᠃ ᠲᠣᠭᠤᠷᠢᠭ ᠤᠨ ᠬᠠᠷᠢᠶ᠎ᠠ ᠬᠡᠤᠬᠡᠳ ᠤᠨ ᠴᠡᠴᠡᠷᠯᠢᠭ ᠢ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠢᠭᠡᠳᠦᠯᠲᠡᠶ ᠲᠥᠯᠥᠪᠯᠡᠵᠦ ᠬᠡᠰᠡᠭ ᠬᠤᠪᠢᠶᠠᠨ᠎ᠠ᠃     ︵ᠬᠤᠶᠠᠷ︶ ︽ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠦᠵᠡᠭᠦᠯᠬᠦ︾ ᠵᠠᠷᠴᠢᠮ ᠢ ᠪᠠᠷᠢᠮᠲᠠᠯᠠᠨ᠎ᠠ ᠃ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠬᠠᠩᠭᠠᠬᠤ ᠦᠶᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠶᠯᠡᠴᠢᠯᠡᠭᠡ ᠬᠠᠩᠭᠠᠬᠤ ᠶᠢ ᠢᠳᠡᠪᠬᠢᠲᠡᠶ ᠬᠥᠲᠥᠯᠦᠨ ᠵᠢᠯᠣᠭᠤᠳᠬᠤ ᠪᠠ ᠲᠡᠳᠬᠦᠨ᠎ᠡ᠃      ︵ᠭᠤᠷᠪᠠ︶ ︽ᠢᠯᠡ ᠲᠣᠳᠣ ᠡᠷᠬᠡ ᠲᠡᠭᠰᠢ ᠲᠥᠪ ᠭᠤᠤᠯᠴᠢ ᠪᠠᠶᠢᠬᠤ︾ ᠵᠠᠷᠴᠢᠮ ᠢ ᠪᠠᠷᠢᠮᠲᠠᠯᠠᠨ᠎ᠠ᠃ ᠬᠡᠤᠬᠡᠳ ᠤᠨ ᠴᠡᠴᠡᠷᠯᠢᠭ ᠲᠤ ᠣᠷᠣᠵᠤ ᠰᠣᠷᠣᠭᠴᠢ ᠡᠯᠰᠡᠬᠦ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠠᠷᠢᠭᠤᠴᠠᠯᠭ᠎ᠠ ᠬᠢᠭᠡᠳ ᠦᠶᠯᠡᠴᠢᠯᠡᠭᠡᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠢᠯᠡ ᠪᠠᠷ ᠰᠣᠷᠣᠭᠴᠢ ᠡᠯᠰᠡᠬᠦ ᠶᠢ ᠬᠡᠷᠡᠭᠵᠢᠭᠦᠯᠵᠦ᠂ ᠰᠣᠷᠣᠭᠴᠢ ᠡᠯᠰᠡᠬᠦ ᠨᠥᠬᠦᠴᠡᠯ ᠳᠤ ᠨᠡᠶᠢᠴᠡᠬᠦ ᠰᠤᠷᠬᠤ ᠨᠠᠰᠤᠨ ᠤ ᠬᠡᠤᠬᠡᠳ ᠨᠢᠭᠡᠪᠦᠷᠢ ᠶᠢ ᠴᠥᠮ ᠴᠠᠭ ᠲᠠᠭᠠᠨ ᠬᠡᠤᠬᠡᠳ ᠤᠨ ᠴᠡᠴᠡᠷᠯᠢᠭ ᠲᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠭᠤᠷᠪᠠ᠂ ᠰᠣᠷᠣᠭᠴᠢ ᠡᠯᠰᠡᠬᠦ ᠡᠲᠡᠭᠡᠳ     ᠪᠦᠬᠦᠯᠢ 3 ᠨᠠᠰᠤ ᠬᠦᠷᠦᠭᠰᠡᠨ ︵2018 ᠣᠨ ᠤ 9  ᠳ᠋ᠦ᠋ᠭᠡᠷ ᠰᠠᠷ᠎ᠠ ᠶᠢᠨ 1᠎ ᠤ ᠡᠳᠦᠷ — 2019 ᠣᠨ ᠤ 8 ᠳ᠋ᠤᠭᠠᠷ ᠰᠠᠷ᠎ᠠ ᠶᠢᠨ 31᠎ ᠤ ᠡᠳᠦᠷ ᠲᠥᠷᠥᠭᠰᠡᠨ︶ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ᠃      ᠳᠥᠷᠪᠡ᠂ ᠰᠣᠷᠣᠭᠴᠢ ᠡᠯᠰᠡᠬᠦ ᠠᠷᠭ᠎ᠠ      ︵ᠨᠢᠭᠡ︶ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠷᠭ᠎ᠠ     1. ᠰᠣᠷᠣᠭᠴᠢ ᠡᠯᠰᠡᠬᠦ ᠲᠥᠰᠦᠯ ᠢ ᠲᠣᠭᠲᠠᠭᠠᠨ᠎ᠠ᠃  ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠵᠢᠨᠢᠩ ᠲᠣᠭᠤᠷᠢᠭ ᠤᠨ ᠰᠣᠷᠣᠭᠴᠢ ᠡᠯᠰᠡᠬᠦ ᠲᠥᠰᠦᠯ ᠢ ᠲᠣᠭᠲᠠᠭᠠᠵᠤ᠂ ᠬᠠᠷᠢᠶ᠎ᠠ ᠣᠷᠣᠨ ᠳᠠᠬᠢ ᠡᠯ᠎ᠡ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠯᠥᠪᠯᠡᠭᠡ᠂ ᠪᠠᠯᠠ ᠮᠥᠩᠭᠦ ᠶᠢ ᠬᠢᠨᠠᠬᠤ ᠨᠥᠬᠦᠴᠡᠯ᠂ ᠡᠯᠰᠡᠬᠦ ᠲᠠᠰ ᠳᠠᠷᠠᠭᠠᠯᠠᠯ ᠵᠡᠷᠭᠡ ᠠᠭᠤᠯᠭ᠎ᠠ ᠶᠢ ᠪᠣᠳᠠᠲᠠᠶ ᠪᠠᠷ ᠲᠣᠳᠣᠷᠬᠠᠶᠢᠯᠠᠨ᠎ᠠ᠃      2. ᠰᠣᠷᠣᠭᠴᠢ ᠡᠯᠰᠡᠬᠦ ᠮᠡᠳᠡᠭᠡ ᠵᠠᠩᠭᠢ ᠶᠢ ᠨᠡᠶᠢᠲᠡᠯᠡᠨ᠎ᠡ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠲᠣᠰ ᠭᠠᠵᠠᠷ ᠤᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠪᠠ ᠴᠡᠴᠡᠷᠯᠢᠭ ᠲᠤ ᠣᠷᠣᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ ᠃ ᠡᠯ᠎ᠡ ᠬᠡᠤᠬᠡᠳ ᠤᠨ ᠴᠡᠴᠡᠷᠯᠢᠭ ᠤᠳ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠣᠪᠴᠢ ᠲᠦᠷᠢᠮ ᠢ ᠨᠡᠶᠢᠲᠡᠯᠡᠬᠦ ᠬᠡᠷᠡᠭᠲᠡᠶ᠃      3. ᠨᠡᠷ᠎ᠡ ᠮᠡᠳᠡᠭᠦᠯᠵᠦ ᠡᠯᠰᠡᠬᠦ ᠶᠢ ᠵᠣᠬᠢᠶᠠᠨ ᠪᠠᠶᠢᠭᠤᠯᠤᠨ᠎ᠠ᠃    ︵1︶ ᠤᠷᠢᠳᠴᠢᠯᠠᠨ ᠮᠡᠳᠡᠭᠡᠯᠡᠬᠦ ᠨᠡᠷ᠎ᠡ ᠶᠢ ᠳᠠᠩᠰᠠᠯᠠᠬᠤ᠃ ᠬᠢᠨᠠᠨ ᠬᠠᠮᠠᠭᠠᠯᠠᠭᠴᠢ ᠨᠢ ᠲᠣᠭᠲᠠᠭᠰᠠᠨ ᠴᠠᠭ ᠤᠨ ᠳᠣᠲᠣᠷ᠎ᠠ ᠬᠡᠰᠡᠭ ᠲᠣᠭᠤᠷᠢᠭ ᠤᠨ ᠬᠡᠤᠬᠡᠳ ᠤᠨ ᠴᠡᠴᠡᠷᠯᠢᠭ ᠲᠤ ᠬᠦᠷᠴᠦ ᠬᠡᠤᠬᠡᠳ ᠤᠨ ᠤᠷᠢᠳᠴᠢᠯᠠᠨ ᠮᠡᠳᠡᠭᠡᠯᠡᠬᠦ ᠨᠡᠷ᠎ᠡ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠬᠡᠷᠡᠭᠲᠡᠶ᠃ ᠬᠡᠦᠬᠡᠳ ᠨᠢᠭᠡᠪᠦᠷᠢ ᠨᠢᠭᠡ ᠯᠡ ᠬᠡᠦᠬᠡᠳ ᠤᠨ ᠴᠡᠴᠡᠷᠯᠢᠭ ᠢ ᠲᠠᠭᠯᠠᠵᠤ ᠪᠣᠯᠤᠨ᠎ᠠ᠂ ᠲᠠᠭᠯᠠᠵᠤ ᠮᠡᠳᠡᠭᠦᠯᠦᠮᠡᠭᠴᠡ ᠮᠡᠳᠡᠭᠡ ᠵᠠᠩᠭᠢ ᠳᠤᠨᠢ ᠵᠠᠰᠠᠪᠤᠷᠢ ᠣᠷᠣᠭᠤᠯᠵᠤ ᠪᠣᠯᠬᠤ ᠦᠭᠡᠢ᠃     ︵2︶ ᠬᠢᠨᠠᠨ ᠪᠠᠶᠢᠴᠠᠭᠠᠬᠤ᠃ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠡᠤᠬᠡᠳ ᠤᠨ ᠬᠢᠨᠠᠨ ᠬᠠᠮᠠᠭᠠᠯᠠᠭᠴᠢ ᠨᠢ ᠬᠠᠮᠢᠶ᠎ᠠ ᠪᠥᠬᠦᠶ ᠦᠨᠡᠮᠯᠡᠯ ᠢᠶᠠᠨ ᠠᠪᠴᠤ ᠨᠢᠭᠡᠨᠲᠡ ᠨᠡᠷ᠎ᠡ ᠮᠡᠳᠡᠭᠦᠯᠦᠭᠰᠡᠨ ᠬᠡᠤᠬᠡᠳ ᠤᠨ ᠴᠡᠴᠡᠷᠯᠢᠭ ᠲᠤ ᠬᠦᠷᠴᠦ ᠬᠢᠨᠠᠨ ᠬᠠᠷᠭᠤᠭᠤᠯᠬᠤ ᠬᠡᠷᠡᠭᠲᠡᠶ᠃    ︵3︶ ᠡᠯᠰᠡᠬᠦ᠂ ᠲᠤᠰᠢᠶᠠᠯ ᠳᠤ ᠲᠣᠮᠢᠯᠠᠬᠤ᠃ ᠵᠢᠱᠢᠶᠡᠯᠡᠪᠡᠯ ᠤᠷᠢᠳᠴᠢᠯᠠᠨ ᠮᠡᠳᠡᠭᠡᠯᠡᠭᠰᠡᠨ ᠬᠡᠤᠬᠡᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠦᠨ ᠤ ᠲᠤᠭ᠎ᠠ ᠨᠢ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠯᠥᠪᠯᠡᠭᠡ ᠶᠢᠨ ᠬᠥᠮᠦᠨ ᠤ ᠲᠤᠭ᠎ᠠ ᠠᠴᠠ ᠳᠤᠲᠠᠭᠤ ᠪᠤᠶᠤ ᠲᠡᠭᠦᠨ ᠲᠠᠢ ᠲᠡᠩᠴᠡᠪᠡᠯ᠂ ᠬᠢᠷᠢ ᠲᠡᠩᠴᠡᠭᠰᠡᠨ ᠤ ᠳᠠᠷᠠᠭ᠎ᠠ ᠬᠡᠤᠬᠡᠳ ᠤᠨ ᠴᠡᠴᠡᠷᠯᠢᠭ ᠠᠴᠠ ᠪᠦᠬᠦᠨ ᠢ ᠡᠯᠰᠡᠨ᠎ᠡ ᠃ ᠵᠢᠱᠢᠶᠡᠯᠡᠪᠡᠯ ᠤᠷᠢᠳᠴᠢᠯᠠᠨ ᠮᠡᠳᠡᠭᠡᠯᠡᠭᠰᠡᠨ ᠬᠡᠦᠬᠡᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠦᠨ ᠤ ᠲᠤᠭ᠎ᠠ ᠨᠢ ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠲᠥᠯᠥᠪᠯᠡᠭᠡ ᠶᠢᠨ ᠬᠥᠮᠦᠨ ᠤ ᠲᠤᠭ᠎ᠠ ᠠᠴᠠ ᠢᠯᠡᠭᠦᠦ ᠪᠠᠶᠢᠪᠠᠯ᠂ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠨ᠎ᠠ᠃ ᠺᠣᠮᠫᠢᠦ᠋ᠲ᠋ᠧᠷ ᠢᠶᠠᠷ ᠪᠠᠶᠢᠷᠢ ᠲᠣᠮᠢᠯᠠᠬᠤ ᠳᠤ ᠣᠷᠣᠯᠴᠠᠭᠠᠳ ᠡᠯᠰᠡᠭᠳᠡᠭᠰᠡᠨ ᠥᠬᠡᠶ ᠬᠡᠤᠬᠡᠳ ᠢ ᠬᠢᠨᠠᠨ ᠬᠠᠮᠠᠭᠠᠯᠠᠭᠴᠢ ᠨᠢ ᠰᠤᠯᠠ ᠡᠷᠳᠡᠮ ᠤᠨ ᠴᠣᠯᠠ ᠲᠠᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠤᠶᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠥᠪᠡᠰᠦᠪᠡᠨ ᠰᠣᠩᠭᠤᠵᠤ ᠴᠡᠴᠡᠷᠯᠢᠭ ᠲᠤ ᠣᠷᠣᠭᠤᠯᠤᠨ᠎ᠠ᠃4% ᠬᠥᠮᠦᠰ ᠎ ᠢ ᠬᠠᠷᠠᠭᠠᠯᠵᠠᠬᠤ ᠨᠥᠬᠦᠴᠡᠯ᠃ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠬᠤ ᠬᠠᠷᠠᠭᠠᠯᠵᠠᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ ᠬᠠᠷᠠᠭᠠᠯᠵᠠᠯ ᠦᠵᠡᠭᠦᠯᠬᠦ ᠠᠵᠢᠯ ᠤᠨ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ ᠬᠠᠷᠠᠭᠠᠯᠵᠠᠯ ᠦᠵᠡᠭᠦᠯᠬᠦ ᠨᠠᠷᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠨ ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠳᠤ ᠬᠠᠷᠠᠭᠠᠯᠵᠠᠯ ᠦᠵᠡᠭᠦᠯᠬᠦ ᠨᠠᠷᠢᠨ ᠳᠦᠷᠢᠮ ︵ᠲᠦᠷ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠳᠣᠤᠷᠠᠬᠢ ᠪᠠᠶᠢᠳᠠᠯ ᠤᠨ ᠨᠢᠭᠡ ᠳᠤ ᠬᠠᠷᠢᠶᠠᠯᠠᠭᠳᠠᠪᠠᠯ᠂  ᠲᠤᠭᠤᠷᠢᠭ ᠎ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠶᠣᠰᠣᠭᠠᠷ᠂ ᠬᠡᠰᠡᠭ ᠲᠣᠭᠤᠷᠢᠭ ᠤᠨ ᠰᠣᠷᠣᠭᠴᠢ ᠶᠢᠨ ᠢᠷᠡᠯᠲᠡ ᠶᠢᠨ ᠪᠠᠶᠢᠳᠠᠯ ᠪᠠ ᠬᠡᠷ ᠤᠨ ᠠᠬᠠᠮᠠᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠰᠣᠷᠣᠭᠴᠢ ᠡᠯᠰᠡᠬᠦ ᠲᠥᠯᠥᠪᠯᠡᠭᠡ ᠪᠠ ᠠᠩᠭᠢ ᠶᠢᠨ ᠪᠠᠭᠲᠠᠭᠠᠮᠵᠢ ᠶᠢᠨ ᠵᠥᠪᠰᠢᠶᠡᠷᠡᠭᠰᠡᠨ ᠤᠷᠢᠲᠠᠯ ᠳᠣᠤᠷ᠎ᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠰᠤᠷᠭᠠᠭᠤᠯᠢ ᠳᠤ ᠣᠷᠣᠭᠤᠯᠤᠨ᠎ᠠ᠃       ︵1︶ ᠠᠯᠪᠠᠨ ᠴᠡᠷᠢᠭ ᠤᠨ ᠦᠷ᠎ᠡ ᠬᠡᠦᠬᠡᠳ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠬᠥᠮᠦᠰ ᠤᠨ ᠦᠷ᠎ᠡ ᠬᠡᠦᠬᠡᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠦᠷᠡᠭᠳᠡᠭᠰᠡᠨ ᠪᠠᠭᠠᠲᠤᠷ ᠪᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠵᠡᠮᠳᠡᠭ ᠠᠷᠠᠳ ᠤᠨ ᠴᠠᠭᠳᠠᠭ᠎ᠠ ᠶᠢᠨ ᠦᠷ᠎ᠡ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠃     ︵2︶ ᠥᠪᠡᠷᠲᠡᠭᠡᠨ ᠵᠠᠰᠠᠬᠤ ᠣᠷᠣᠨ ︵ᠮᠤᠵᠢ︶᠎ ᠤ ᠱᠠᠲᠤᠨ ᠤ ᠶᠣᠰᠣ ᠮᠣᠷᠠᠯ ᠤᠨ ᠵᠢᠱᠢᠶᠡᠴᠢ᠂ ᠬᠥᠳᠡᠯᠮᠦᠷᠢ ᠶᠢᠨ ᠵᠢᠱᠢᠶᠡᠴᠢ᠂ ᠰᠢᠯᠢᠳᠡᠭ ᠠᠯᠪᠠᠲᠠᠨ ᠵᠡᠷᠭᠡ ᠢᠷᠠᠭᠤ ᠠᠯᠳᠠᠷ ᠤᠨ ᠴᠣᠯᠠ ᠭᠥᠷᠳᠡᠭᠰᠡᠨ ᠬᠥᠮᠦᠰ ᠤᠨ ᠦᠷ᠎ᠡ ᠬᠡᠤᠬᠡᠳ᠃       ︵ᠬᠤᠶᠠᠷ︶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠷᠭ᠎ᠠ     ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠳᠤ ᠪᠡᠶ᠎ᠡ ᠪᠠᠨ ᠳᠠᠭᠠᠭᠠᠵᠤ ᠰᠣᠷᠣᠭᠴᠢ ᠡᠯᠰᠡᠬᠦ ᠶᠢ ᠬᠡᠷᠡᠭᠵᠢᠭᠦᠯᠵᠦ᠂ ᠰᠣᠷᠣᠭᠴᠢ ᠡᠯᠰᠡᠬᠦ ᠬᠤᠭᠤᠴᠠᠭᠠᠨ ᠳᠤ ᠬᠡᠤᠬᠡᠳ ᠤᠨ ᠴᠡᠴᠡᠷᠯᠢᠭ ᠡᠷᠭᠢᠯᠡᠬᠦ ᠬᠢᠷᠢ ᠬᠡᠮ᠂ ᠰᠣᠷᠣᠭᠴᠢ ᠡᠯᠰᠡᠬᠦ ᠲᠥᠯᠥᠪᠯᠡᠭᠡ᠂ ᠰᠦᠶᠳᠬᠡᠯ ᠬᠤᠷᠢᠶᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ᠂ ᠬᠡᠷ ᠤᠨ ᠠᠬᠠᠮᠠᠳ ᠤᠨ ᠰᠣᠩᠭᠤᠬᠤ ᠳᠤ ᠬᠠᠩᠭᠠᠬᠤ ᠬᠡᠷᠡᠭᠲᠡᠶ᠃ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠵᠦᠶᠯᠡᠰ ᠪᠠ ᠰᠣᠷᠣᠭᠴᠢ ᠡᠯᠰᠡᠬᠦ ᠲᠣᠪᠴᠢ ᠲᠦᠷᠢᠮ ᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠬᠤ ᠬᠡᠷᠡᠭᠲᠡᠶ᠃       ᠲᠠᠪᠤ᠂ ᠰᠣᠷᠣᠭᠴᠢ ᠡᠯᠰᠡᠬᠦ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠳᠣᠲᠣᠷ᠎ᠠ ᠪᠠᠨ ᠨᠢᠭᠡᠳᠦᠯᠲᠡᠶ ᠲᠥᠯᠥᠪᠯᠡᠬᠦ ᠶᠢ ᠴᠢᠩᠭᠠᠷᠠᠭᠤᠯᠤᠨ᠂ ᠡᠯ᠎ᠡ ᠬᠡᠤᠬᠡᠳ ᠤᠨ ᠴᠡᠴᠡᠷᠯᠢᠭ ᠤᠨ ᠬᠡᠰᠡᠭ ᠬᠤᠪᠢᠶᠠᠬᠤ ᠬᠡᠪᠴᠢᠶ᠎ᠡ᠂ ᠦᠶᠯᠡᠴᠢᠯᠡᠭᠡᠨ ᠤ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠡᠯ᠎ᠡ ᠬᠡᠤᠬᠡᠳ ᠤᠨ ᠴᠡᠴᠡᠷᠯᠢᠭ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠦᠶᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂ ᠬᠡᠷ ᠣᠷᠣᠨ ᠤ ᠨᠡᠪᠲᠡᠷᠡᠯᠴᠡᠬᠦ ᠵᠠᠮ ᠮᠥᠷ ᠢ ᠰᠠᠭᠠᠳ ᠥᠬᠡᠶ ᠨᠡᠪᠲᠡᠷᠡᠭᠦᠯᠬᠦ ᠬᠡᠷᠡᠭᠲᠡᠶ᠃︵ᠬᠤᠶᠠᠷ︶ ᠰᠦᠶᠳᠬᠡᠯ ᠬᠤᠷᠢᠶᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠪᠠᠷ ᠰᠦᠶᠳᠬᠡᠯ ᠬᠤᠷᠢᠶᠠᠬᠤ ᠶᠢ ᠴᠢᠩᠭ᠎ᠠ ᠳ᠋ᠦ᠋ᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠦᠨᠡᠮᠰᠢᠬᠦ ᠵᠢᠴᠢ ᠬᠠᠮᠢᠶᠠᠷᠬᠤ ᠠᠷᠭ᠎ᠠ︾᠎ ᠳᠤ ᠲᠣᠭᠲᠠᠭᠠᠭᠰᠠᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠰᠦᠶᠳᠬᠡᠯ ᠬᠤᠷᠢᠶᠠᠨ᠎ᠠ᠃ ᠬᠡᠤᠬᠡᠳ ᠤᠨ ᠴᠡᠴᠡᠷᠯᠢᠭ ᠪᠠᠷᠢᠮᠵᠢᠶ᠎ᠠ ᠠᠴᠠ ᠬᠡᠲᠦᠷᠡᠭᠦᠯᠦᠨ ᠰᠦᠶᠳᠬᠡᠯ ᠬᠤᠷᠢᠶᠠᠵᠤ ᠪᠣᠯᠬᠤ ᠥᠬᠡᠶ᠂ ᠤᠨᠴᠠᠯᠢᠬᠳᠤ ᠠᠩᠭᠢ᠂ ᠳᠤᠷ᠎ᠠ ᠰᠣᠨᠢᠷᠬᠠᠯ ᠤᠨ ᠠᠩᠭᠢ ᠵᠡᠷᠭᠡ ᠬᠡᠯᠪᠡᠷᠢ ᠪᠠᠷ ᠬᠡᠷ ᠤᠨ ᠠᠬᠠᠮᠠᠳ ᠠᠴᠠ ᠳᠤᠷ᠎ᠠ ᠪᠠᠷ ᠢᠶᠠᠨ ᠰᠦᠶᠳᠬᠡᠯ ᠬᠤᠷᠢᠶᠠᠬᠤ ᠶᠢ ᠴᠠᠭᠠᠵᠠᠯᠠᠨ᠎ᠠ᠃ ᠬᠡᠤᠬᠡᠳ ᠤᠨ ᠴᠡᠴᠡᠷᠯᠢᠭ ᠤᠨ ᠬᠡᠤᠬᠡᠳ ᠤᠨ ᠴᠡᠴᠡᠷᠯᠢᠭ ᠡᠷᠭᠢᠯᠡᠬᠦ ᠰᠢᠨᠵᠢ ᠴᠢᠨᠠᠷ ᠵᠢᠴᠢ ᠪᠣᠶ ᠪᠥᠬᠦᠶ ᠰᠦᠶᠳᠬᠡᠯ ᠬᠤᠷᠢᠶᠠᠬᠤ ᠲᠥᠷᠥᠯ ᠵᠦᠶᠯ᠂ ᠵᠣᠭᠤᠰ ᠤᠨ ᠲᠤᠭ᠎ᠠ ᠪᠠ ᠰᠦᠶᠳᠬᠡᠯ ᠪᠤᠴᠠᠭᠠᠬᠤ ᠪᠠᠷᠢᠮᠵᠢᠶ᠎ᠠ ᠶᠢ ᠴᠥᠮ ᠬᠡᠤᠬᠡᠳ ᠤᠨ ᠴᠡᠴᠡᠷᠯᠢᠭ ᠤᠨ ᠢᠯᠡ ᠭᠠᠵᠠᠷ ᠲᠤ ᠢᠯᠡ ᠨᠡᠶᠢᠲᠡᠯᠡᠬᠦ ᠬᠡᠷᠡᠭᠲᠡᠶ᠃     ︵ᠭᠤᠷᠪᠠ︶ ᠬᠡᠤᠬᠡᠳ ᠤᠨ ᠴᠡᠴᠡᠷᠯᠢᠭ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠡᠤᠬᠡᠳ ᠤᠨ ᠴᠡᠴᠡᠷᠯᠢᠭ ᠤᠨ ᠠᠩᠭᠢ ᠶᠢᠨ ᠲᠤᠭ᠎ᠠ ᠶᠢ ᠰᠤᠷᠭᠠᠨ ᠬᠥᠮᠦᠵᠢᠯ ᠤᠨ ᠶᠠᠮᠤᠨ ᠤ ︽ᠬᠡᠤᠬᠡᠳ ᠤᠨ ᠴᠡᠴᠡᠷᠯᠢᠭ ᠤᠨ ᠠᠵᠢᠯ ᠤᠨ ᠲᠦᠷᠢᠮ︾᠎ ᠤᠨ ᠪᠠᠭ᠎ᠠ ᠠᠩᠭᠢ ᠶᠢᠨ 25 ᠬᠥᠮᠦᠨ᠂ ᠳᠤᠮᠳᠠ ᠠᠩᠭᠢ ᠶᠢᠨ 30 ᠬᠥᠮᠦᠨ᠂ ᠶᠡᠭᠡ ᠠᠩᠭᠢ ᠶᠢᠨ 35 ᠬᠥᠮᠦᠨ ᠢᠶᠠᠷ ᠬᠡᠷᠡᠭᠵᠢᠭᠦᠯᠦᠨ᠎ᠡ᠃ ᠬᠡᠲᠦ ᠠᠰᠢᠭ ᠬᠥᠭᠡᠭᠡᠴᠡᠯᠳᠦᠬᠦ ᠦᠶᠯᠡ ᠠᠵᠢᠯᠯᠠᠭ᠎ᠠ ᠪᠠ ᠪᠠᠭ᠎ᠠ ᠰᠤᠷᠭᠠᠭᠤᠯᠢᠴᠢᠯᠠᠭᠰᠠᠨ ᠰᠤᠷᠭᠠᠨ ᠬᠥᠮᠦᠵᠢᠯ ᠤᠨ ᠬᠠᠨᠳᠤᠰᠢ ᠶᠢ ᠡᠷᠡᠰ ᠬᠤᠷᠢᠭᠯᠠᠵᠤ᠂ ᠦᠨᠡᠮᠯᠡᠯ ᠥᠬᠡᠶ ᠪᠠᠷ ᠬᠡᠤᠬᠡᠳ ᠤᠨ ᠴᠡᠴᠡᠷᠯᠢᠭ ᠡᠷᠭᠢᠯᠡᠬᠦ ᠦᠶᠯᠡ ᠠᠵᠢᠯᠯᠠᠭ᠎ᠠ ᠶᠢ ᠡᠷᠡᠰ ᠵᠠᠰᠠᠨ᠎ᠠ᠃     ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠡᠤᠬᠡᠳ ᠤᠨ ᠴᠡᠴᠡᠷᠯᠢᠭ ᠤᠳ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ᠂ ᠠᠰᠠᠭᠤᠨ ᠯᠠᠪᠯᠠᠬᠤ ᠤᠲᠠᠰᠤ ᠪᠠᠨ ᠨᠡᠶᠢᠲᠡᠯᠡᠨ᠂ ᠬᠡᠷ ᠤᠨ ᠠᠬᠠᠮᠠᠳ ᠤᠨ ᠰᠡᠵᠢᠭᠯᠡᠯ ᠢ ᠴᠠᠭ ᠲᠤᠬᠠᠶ ᠳᠤᠨᠢ ᠬᠠᠷᠢᠭᠤᠯᠵᠤ᠂ ᠬᠡᠷ ᠤᠨ ᠠᠬᠠᠮᠠᠳ ᠲᠤ ᠬᠡᠤᠬᠡᠳ ᠤᠨ ᠴᠡᠴᠡᠷᠯᠢᠭ ᠲᠤ ᠣᠷᠣᠬᠤ ᠶᠢ ᠵᠢᠯᠣᠭᠤᠳᠬᠤ ᠦᠶᠯᠡᠴᠢᠯᠡᠭᠡ ᠬᠠᠩᠭᠠᠬᠤ ᠶᠢᠨ ᠬᠠᠮᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠨᠡᠶᠢᠭᠡᠮ ᠤᠨ ᠢᠯᠡᠴᠢᠯᠡᠨ ᠮᠡᠳᠡᠭᠦᠯᠦᠭᠰᠡᠨ ᠠᠰᠠᠭᠤᠳᠠᠯ ᠪᠣᠯᠤᠨ ᠬᠡᠤᠬᠡᠳ ᠤᠨ ᠴᠡᠴᠡᠷᠯᠢᠭ ᠤᠨ ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠬᠦ ᠦᠶᠯᠡ ᠠᠵᠢᠯᠯᠠᠭ᠎ᠠ ᠶᠢ ᠬᠢᠨᠠᠮᠠᠭᠠᠶ ᠬᠢᠨᠠᠨ ᠬᠠᠷᠭᠤᠭᠤᠯᠵᠤ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃     ᠬᠢᠨᠠᠯᠲᠠ ᠲᠠᠯᠪᠢᠬᠤ ᠤᠲᠠᠰᠤ᠄ 0474-8989396                                  0474-8188203    ᠡᠯ᠎ᠡ ᠬᠡᠤᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠣᠪᠴᠢ ᠲᠦᠷᠢᠮ ᠢ ᠨᠡᠶᠢᠲᠡᠯᠡᠭᠰᠡᠨ ᠤ ᠳᠠᠷᠠᠭ᠎ᠠ ᠡᠷᠬᠡᠪᠰᠢ ᠡᠯᠧᠺᠲᠷᠣᠨ ᠬᠡᠪᠯᠡᠯ ᠪᠠ ᠰᠢᠷᠪᠢᠯᠲᠡ ᠶᠢᠨ ᠬᠡᠪᠯᠡᠯ ᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠨ ᠬᠥᠮᠦᠵᠢᠯ ᠤᠨ ᠲᠠᠰᠤᠭ ᠲᠤ ᠮᠡᠳᠡᠭᠦᠯᠦᠨ ᠬᠦᠷᠭᠡᠬᠦ ᠬᠡᠷᠡᠭᠲᠡᠶ᠃      ᠰᠢᠦᠳᠠᠨ ᠤ ᠬᠠᠶᠢᠷᠴᠠᠭ ᠢ ᠮᠡᠳᠡᠭᠦᠯᠦᠨ ᠬᠦᠷᠭᠡᠬᠦ᠄ jnqjyk@163.com   ᠲᠠᠶᠢᠯᠤᠮᠵᠢ ᠬᠢᠬᠦ ᠴᠥᠷᠬᠡᠯᠡᠭᠡ᠄ http://www.jnq.gov.cn/information/jnqzfw11710/msg3037758553237.html 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2