ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠬᠤᠷᠢᠶ᠎ᠠ ᠶᠢᠨ 2022 ᠣᠨ ᠤ 32 ᠳ᠋ᠤᠭᠠᠷ ᠤᠳᠠᠭ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/13
757470.jpg
    9 ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ 2022 ᠣᠨ ᠤ 32 ᠳ᠋ᠤᠭᠠᠷ ᠤᠳᠠᠭ᠎ᠠ ᠶᠢᠨ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠭᠡᠷ᠎ᠡ ᠲᠣᠭᠲᠠᠭᠰᠠᠨ᠂ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠵᠠᠩ ᡁᠢ ᠷᠦᠩ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ  ᠵᠢᠭᠠᠭᠰᠠᠨ ᠨᠢ᠂ ᠣᠳᠣᠬᠠᠨ ᠳᠤ ᠵᠢᠨᠢᠩ ᠲᠣᠭᠤᠷᠢᠭ ᠤᠨ ᠠᠵᠤ ᠦᠢᠯᠡᠰ ᠤᠨ ᠲᠦᠷᠦᠯ ᠵᠦᠢᠯ ᠤᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠭ᠎ᠠ ᠪᠣᠯᠪᠠᠴᠤ ᠠᠵᠤ ᠦᠢᠯᠡᠰ ᠤᠨ ᠬᠡᠪᠴᠢᠶ᠎ᠡ᠂ ᠬᠥᠭᠵᠢᠯᠲᠡ ᠶᠢᠨ ᠲᠦᠪᠰᠢᠨ ᠵᠡᠷᠭᠡ ᠲᠠᠯ᠎ᠠ ᠪᠠᠷ ᠪᠠᠰᠠ ᠵᠣᠬᠢᠬᠤ ᠵᠦᠷᠢᠶ᠎ᠡ ᠲᠠᠢ ᠪᠠᠶᠢᠭᠰᠠᠭᠠᠷ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠮᠠᠭᠲᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠬᠥᠳᠡᠯᠭᠡᠭᠦᠷ᠂ ᠭᠤᠣᠯ ᠭᠠᠷᠳᠠᠴᠠ ᠪᠣᠯᠭᠠᠵᠤ᠂ ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ᠂  ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠡᠷᠴᠢ ᠵᠣᠷᠢᠭ ᠲᠡᠭᠦᠯᠳᠡᠷ᠂ ᠦᠷ᠎ᠡ ᠪᠦᠲᠦᠮᠵᠢ ᠰᠠᠶᠢᠲᠠᠶ᠂ ᠣᠪᠣᠷ ᠰᠤᠷᠲᠠᠯ ᠴᠢᠩᠭ᠎ᠠ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠰᠤᠷᠤᠯᠴᠠᠯᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠲᠥᠷᠥᠯ ᠵᠦᠶᠯ ᠢ ᠠᠬᠢᠭᠤᠯᠬᠤ ︽ᠬᠠᠰᠢᠷ ᠮᠡᠷᠭᠡᠵᠢᠯᠲᠡᠨ︾ ᠪᠣᠯᠬᠤ ᠪᠠᠷ ᠴᠢᠷᠮᠠᠶᠢᠵᠤ᠂ ᠴᠢᠬᠤᠯᠠ ᠶᠡᠭᠡ ᠲᠥᠷᠥᠯ ᠵᠦᠶᠯ ᠪᠠ ᠭᠤᠤᠯᠳᠠᠯᠭ᠎ᠠ ᠲᠠᠢ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ  ᠠᠬᠢᠭᠤᠯᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠬᠢᠭᠤᠯᠬᠤ ᠳᠤᠮᠳᠠᠬᠢ ᠡᠯ᠎ᠡ ᠲᠦᠷᠦᠯ ᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠳᠬᠤᠵᠤ᠂ ᠨᠢᠭᠡᠳ ᠨᠢᠭᠡ ᠪᠠᠷ ᠪᠠᠶᠢᠷᠢᠯᠠᠭᠤᠯᠬᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃  ᠡᠷᠴᠢ ᠵᠣᠷᠢᠭ ᠲᠡᠭᠦᠯᠳᠡᠷ ᠢᠶᠠᠷ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠰᠢᠨ᠎ᠡ ᠨᠢᠭᠡ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠵᠦ᠂ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃                ᠵᠢᠷᠤᠭ᠄  ᠭᠦᠸᠧ ᠸᠧᠨ ᠵᠢᠶᠧ                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2