ᠵᠠᠩ ᠶᠦᠩ ᠸᠧᠨ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠹᠠᠩ ᠽᠠᠩ ᠡᠮᠨᠡᠯᠭᠡ ᠵᠢᠨ‌ᠬᠤᠷᠢᠶ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/9/13
626470.jpg
   9 ᠳ᠋ᠦ᠋ᠭᠡᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ G6 ᠵᠢᠨᠢᠩ ᠤᠨ ᠡᠮᠦᠨ᠎ᠡ ᠲᠦᠷᠭᠡᠨ ᠳᠠᠪᠬᠢᠬᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ᠂ ᠾᠧᠩ ᠲᠠᠢ ᠯᠦ ᠴᠢᠶᠣᠤ ᠺᠣᠮᠫᠠᠨᠢ ᠶᠢᠨ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠹᠠᠩ  ᠽᠠᠩ ᠥᠷᠥᠭᠡ ᠶᠢᠨ ᠲᠤᠷᠰᠢᠯᠲᠠ ᠶᠢᠨ ᠲᠠᠰᠤᠭ ᠵᠡᠷᠭᠡ ᠭᠠᠵᠠᠷ ᠲᠤ ᠭᠦᠨᠵᠡᠭᠡᠶᠢᠷᠡᠨ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠵᠢᠴᠢ ᠹᠠᠩ ᠽᠠᠩ ᠡᠮᠨᠡᠯᠭᠡ ᠶᠢᠨ ᠬᠤᠷᠢᠶ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠵᠠᠩ ᡁᠢ ᠷᠦᠩ᠂ ᠸᠠᠩ ᠯᠢ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠵᠠᠩ ᠶᠦᠩ ᠸᠧᠨ᠂ G6 ᠵᠢᠨᠢᠩ ᠤᠨ ᠡᠮᠦᠨᠡᠲᠦ ᠬᠡᠰᠡᠭ ᠤᠨ ᠲᠦᠷᠭᠡᠨ ᠳᠠᠪᠬᠢᠬᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠲᠤ ᠬᠦᠷᠴᠦ᠂ ᠲᠤᠬᠠᠶ ᠶᠢᠨ ᠲᠠᠯᠠᠪᠤᠷ ᠲᠤ ᠪᠥᠭᠡᠮ ᠬᠦᠴᠢᠯ ᠤᠨ ᠥᠯᠢᠭᠡᠷ ᠠᠪᠬᠤ᠂ ᠠᠶᠠᠯᠠᠯ ᠤᠨ ᠺᠣᠳ᠋ ᠵᠢᠴᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠶᠢ ᠪᠠᠶᠢᠴᠠᠭᠠᠨ ᠰᠢᠯᠭᠠᠭᠰᠠᠨ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠤᠬᠠᠶ ᠶᠢᠨ ᠲᠠᠯᠠᠪᠤᠷ ᠲᠤ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠠᠶᠢᠨ᠎ᠠ᠃ ᠲᠡᠷᠡ ᠬᠡᠯᠡᠬᠦ ᠳᠡᠭᠡᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠨ᠎ᠠ᠂ ᠵᠠᠮ ᠬᠠᠷᠢᠯᠴᠠᠭᠠᠨ ᠤ ᠪᠣᠭᠤᠮᠲᠠ ᠨᠢ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ ᠡᠷᠬᠡᠪᠰᠢ ᠪᠠᠲᠤ ᠰᠠᠬᠢᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠨᠠᠷᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠡᠷᠭᠡᠨ ᠤ ᠤᠷᠤᠰᠬᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠲᠦᠷᠭᠡᠨ ᠲᠤᠰᠬᠠᠵᠤ᠂ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠴᠤ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃   ᠵᠠᠩ ᠶᠦᠩ ᠸᠧᠨ᠂   ᠹᠠᠩ ᠽᠠᠩ ᠲᠤᠷᠰᠢᠯᠲᠠ ᠶᠢᠨ ᠲᠠᠰᠤᠭ ᠤᠨ ᠴᠢᠳᠠᠮᠵᠢ ᠶᠢᠨ ᠬᠤᠪᠢᠶᠠᠷᠢ ᠲᠣᠭᠤᠷᠢᠭ᠂ ᠬᠡᠮᠵᠢᠭᠦᠷᠯᠢᠭ ᠤᠨ ᠳᠤᠬᠢᠷᠠᠭᠤᠯᠤᠯᠳᠠ᠂ ᠠᠵᠢᠯᠳᠠᠨ ᠤ ᠳᠤᠬᠢᠷᠠᠭᠤᠯᠤᠯᠳᠠ ᠪᠠ ᠪᠠᠶᠢᠴᠠᠭᠠᠨ ᠰᠢᠯᠭᠠᠬᠤ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂  ᠹᠠᠩ ᠽᠠᠩ ᠲᠤᠷᠰᠢᠯᠲᠠ ᠶᠢᠨ ᠲᠠᠰᠤᠭ ᠢ ᠠᠯᠢ ᠲᠦᠷᠭᠡᠨ ᠢᠶᠠᠷ ᠬᠡᠷᠡᠭᠯᠡᠯᠲᠡ ᠳᠤ ᠣᠷᠣᠭᠤᠯᠵᠤ᠂ ᠬᠡᠷᠡᠭᠯᠡᠯᠲᠡ ᠶᠢᠨ ᠳᠤᠮᠳᠠ ᠳᠤᠲᠠᠭᠤᠳᠠᠯ ᠢᠶᠠᠨ ᠲᠠᠰᠤᠷᠠᠯᠲᠠ ᠥᠬᠡᠶ ᠨᠥᠬᠦᠪᠥᠷᠢᠯᠡᠵᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠶ᠃ᠵᠠᠩ ᠶᠦᠩ  ᠸᠧᠨ ᠪᠠᠶᠢᠴᠠᠭᠠᠨ ᠰᠤᠳᠤᠯᠤᠯᠲᠠ ᠶᠢᠨ ᠳᠤᠮᠳᠠ᠂  ᠪᠠᠰᠠ ᠹᠠᠩ ᠽᠠᠩ ᠡᠮᠨᠡᠯᠭᠡ ᠶᠢᠨ ᠬᠤᠷᠢᠶ᠎ᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠣᠩᠭᠤᠭᠰᠠᠨ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠰᠢᠭᠯᠠᠵᠤ ᠪᠣᠯᠬᠤ ᠲᠠᠯᠠᠪᠠᠶ ᠵᠢᠴᠢ ᠤᠰᠤ᠂ ᠴᠠᠬᠢᠯᠭᠠᠨ᠂ ᠮᠡᠳᠡᠭᠡ ᠬᠤᠯᠪᠣᠭ᠎ᠠ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠤᠴᠢᠷ ᠶᠠᠪᠤᠳᠠᠯ ᠢ ᠨᠠᠷᠢᠨ ᠨᠢᠮᠪᠠᠶ ᠠᠰᠠᠭᠤᠨ ᠯᠠᠪᠯᠠᠵᠠᠶ᠃ ᠲᠡᠷᠡ ᠬᠡᠯᠡᠬᠦ ᠳᠡᠭᠡᠨ᠂ ᠣᠲᠣ ᠶᠢᠨ ᠪᠠᠶᠢᠭ᠎ᠠ ᠡᠬᠢ ᠪᠠᠶᠠᠯᠢᠭ ᠢ ᠭᠦᠶᠴᠡᠳ ᠠᠰᠢᠭᠯᠠᠨ᠂ ᠰᠢᠨᠵᠢᠯᠡᠬᠦ ᠤᠬᠠᠭᠠᠨᠴᠢ ᠪᠠᠷ᠂ ᠵᠢᠷᠤᠮᠵᠢᠭᠤᠯᠤᠨ ᠵᠢᠷᠤᠵᠤ ᠲᠥᠯᠥᠪᠯᠡᠵᠦ᠂ ᠤᠰᠤ ᠴᠠᠬᠢᠯᠭᠠᠨ ᠤ ᠬᠠᠩᠭᠠᠯᠭ᠎ᠠ᠂ ᠪᠣᠬᠢᠷ ᠤᠰᠤ ᠶᠢ ᠰᠢᠶᠳᠪᠦᠷᠢᠯᠡᠬᠦ᠂ ᠭᠠᠯ ᠤᠨᠲᠠᠷᠠᠭᠠᠬᠤ ᠵᠡᠷᠭᠡ ᠲᠥᠬᠦᠭᠡᠷᠦᠮᠵᠢ ᠶᠢ ᠲᠥᠬᠦᠷᠵᠢᠭᠦᠯᠬᠦ ᠠᠵᠢᠯ ᠢ ᠤᠷᠢᠳᠴᠢᠯᠠᠨ ᠰᠠᠶᠢᠲᠤᠷ ᠠᠳᠬᠤᠵᠤ᠂ ︽ᠭᠤᠷᠪᠠᠨ ᠣᠷᠣᠨ ᠬᠤᠶᠠᠷ ᠨᠡᠪᠲᠡᠷᠡᠬᠦ ᠵᠠᠮ︾᠎ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠲᠥᠭᠡᠨ ᠪᠠᠶᠢᠭᠤᠯᠵᠤ ᠥᠭᠡᠷᠡᠴᠢᠯᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠷᠢᠳᠴᠢᠯᠠᠨ ᠰᠣᠩᠭᠤᠬᠤ ᠴᠡᠭ ᠲᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠳᠤᠷᠠᠳᠪᠠ᠃                 ᠵᠢᠷᠤᠭ᠄  ᠴᠢᠶᠤᠤ ᠮᠢᠨ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2