ᠺᠠᠩ ᠬᠠᠶ ᠷᠦᠢ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶᠢᠯᠠᠨ ᠴᠡᠭᠴᠡᠯᠡᠬᠦ ︽  ᠪᠤᠴᠠᠵᠤ ᠪᠠᠶᠢᠴᠠᠭᠠᠨ ᠦᠵᠡᠬᠦ ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/14
637470.jpg
   9 ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠲᠤᠰᠬᠠᠶᠢᠯᠠᠨ ᠴᠡᠭᠴᠡᠯᠡᠵᠦ ︽ᠡᠷᠬᠢᠨ ᠬᠠᠷᠠᠬᠤ︾ ᠠᠵᠢᠯ ᠢ  ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠣᠰ ᠲᠣᠰ ᠤᠨ ᠬᠠᠷᠢᠶ᠎ᠠ ᠣᠷᠣᠨ ᠤ ᠪᠠᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠲᠤᠰᠬᠠᠶᠢᠯᠠᠨ ᠢᠯᠭᠠᠷᠠᠭᠤᠯᠤᠨ ᠴᠡᠭᠴᠡᠯᠡᠵᠦ ︽ᠡᠷᠭᠢᠵᠦ ᠦᠵᠡᠬᠦ︾ ᠠᠵᠢᠯ ᠢ  ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠶ᠃    ᠬᠤᠷᠠᠯ ᠠᠴᠠ ᠵᠢᠭᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠶᠢ ᠵᠥᠷᠢᠴᠡᠨ ᠭᠠᠵᠠᠷ ᠰᠢᠷᠣᠶ ᠬᠡᠷᠡᠭᠯᠡᠭᠰᠡᠨ ᠶᠠᠪᠤᠳᠠᠯ ᠢ ᠲᠤᠰᠬᠠᠶᠢᠯᠠᠨ  ᠴᠡᠭᠴᠡᠯᠡᠵᠦ ︽ᠪᠤᠴᠠᠵᠤ ᠪᠠᠶᠢᠴᠠᠭᠠᠨ ᠦᠵᠡᠬᠦ ︾ ᠠᠵᠢᠯ ᠤᠨ ᠴᠢᠬᠤᠯᠠ ᠴᠢᠨᠠᠷ᠂ ᠬᠠᠲᠠᠭᠤ ᠪᠡᠷᠬᠡ ᠴᠢᠨᠠᠷ ᠪᠠ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠭᠠᠵᠠᠷ ᠬᠡᠷᠡᠭᠯᠡᠬᠦ ᠶᠢ ᠬᠠᠤᠯᠢ ᠶᠣᠰᠣᠭᠠᠷ ᠵᠢᠷᠤᠮᠵᠢᠭᠤᠯᠬᠤ ᠶᠢ ᠥᠪᠡᠷ ᠤᠨ ᠭᠦᠶᠴᠡᠳᠬᠡᠪᠡᠰᠦ ᠵᠣᠬᠢᠬᠤ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠂ ᠪᠥᠬᠦ ᠣᠷᠣᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶᠢᠯᠠᠨ ᠢᠯᠭᠠᠷᠠᠭᠤᠯᠤᠨ ᠴᠡᠭᠴᠡᠯᠡᠵᠦ ᠵᠠᠰᠠᠬᠤ ︽ᠪᠤᠴᠠᠵᠤ ᠪᠠᠶᠢᠴᠠᠭᠠᠨ ᠦᠵᠡᠬᠦ︾ ᠠᠵᠢᠯ ᠢ ᠬᠠᠤᠯᠢ ᠲᠣᠭᠲᠠᠭᠠᠯ ᠶᠣᠰᠣᠭᠠᠷ᠂ ᠥᠨᠳᠥᠷ ᠪᠦᠲᠦᠮᠵᠢᠲᠡᠶ ᠭᠦᠨᠵᠡᠭᠡᠶ ᠥᠷᠨᠢᠭᠦᠯᠬᠦ ᠶᠢ ᠪᠥᠬᠦ ᠬᠦᠴᠦᠨ ᠢᠶᠠᠷ ᠵᠶ᠋ᠠᠨ‌ᠠᠬᠢᠭᠤᠯᠬᠤ ᠬᠡᠷᠡᠭᠲᠡᠶ᠃   ᠬᠤᠷᠠᠯ ᠠᠴᠠ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠵᠦ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠶᠢᠨ ᠬᠠᠮᠲᠤ ᠰᠢᠶᠳᠪᠦᠷᠢᠯᠡᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠲᠥᠰᠦᠯ ᠢ ᠱᠠᠯᠠᠪᠳᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠨᠢᠭᠡᠪᠦᠷᠢ ᠳᠤ ᠴᠥᠮ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠲᠠᠢ ᠪᠠᠶᠢᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠵᠦᠢᠯᠡᠰ ᠤᠨ ᠬᠠᠤᠯᠢ ᠶᠢ ᠵᠥᠷᠢᠴᠡᠨ ᠭᠠᠵᠠᠷ ᠡᠵᠡᠯᠡᠭᠰᠡᠨ ᠶᠠᠪᠤᠳᠠᠯ ᠢ ᠲᠦᠷᠭᠡᠬᠡᠨ ᠪᠠᠶᠢᠴᠠᠭᠠᠨ ᠰᠢᠶᠳᠪᠦᠷᠢᠯᠡᠵᠦ᠂ ᠲᠠᠷᠢᠶᠠᠯᠠᠩ ᠤᠨ ᠪᠤᠰᠤ ᠪᠤᠰᠤᠳ ᠵᠦᠢᠯᠡᠰ ᠢ ᠨᠤᠷᠠᠭᠠᠵᠤ ᠰᠡᠷᠭᠦᠭᠡᠬᠦ ᠶᠣᠰᠣᠲᠠᠶ ᠶᠢ ᠨᠢ ᠡᠷᠡᠰ ᠢᠶᠠᠷ ᠨᠤᠷᠠᠭᠠᠵᠤ ᠰᠡᠷᠭᠦᠭᠡᠬᠦ ᠬᠡᠷᠡᠭᠲᠡᠶ᠃ ᠠᠵᠢᠯ ᠤᠨ ᠲᠣᠬᠢᠷᠠᠭᠤᠯᠭ᠎ᠠ᠂ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ︽ᠭᠠᠷᠠᠭ ᠢᠶᠠᠷ ᠮᠡᠳᠡᠭᠡᠯᠡᠬᠦ᠂ ᠬᠠᠭᠠᠰ ᠰᠠᠷ᠎ᠠ ᠪᠠᠷ ᠳᠣᠭᠢᠷᠠᠭᠤᠯᠬᠤ᠂ ᠰᠠᠷ᠎ᠠ ᠪᠠᠷ ᠮᠡᠳᠡᠭᠦᠯᠬᠦ︾ ᠠᠵᠢᠯ ᠤᠨ ᠲᠣᠭᠲᠠᠴᠠ ᠶᠢ ᠪᠣᠶ ᠪᠣᠯᠭᠠᠵᠤ᠂ ᠡᠯ᠎ᠡ ᠵᠦᠶᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃   ᠲᠣᠭᠤᠷᠢᠭ ᠤᠨ ᠤᠳᠤᠷᠢᠳᠤᠯᠭ᠎ᠠ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠵᠢᠷᠤᠭ᠄ ᠴᠢᠶᠤᠤ ᠮᠢᠨ       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2