ᠺᠠᠩ ᠬᠠᠶ ᠷᠦᠢ ᠵᠢᠨᠢᠩ ᠲᠣᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/15
     9 ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠶᠳᠪᠦᠷᠢᠯᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠶᠳᠪᠦᠷᠢᠯᠡᠬᠦ ᠶᠡᠷᠦᠩᠬᠡᠶ ᠠᠬᠢᠴᠠ ᠵᠢᠴᠢ ᠬᠡᠰᠡᠭ ᠦᠨᠡᠮᠯᠡᠯ ᠠᠪᠬᠤ ᠠᠬᠢᠴᠠ ᠬᠤᠵᠢᠭᠳᠠᠵᠤ ᠪᠠᠶᠢᠭ᠎ᠠ ᠰᠠᠭᠤᠭᠠᠯᠢ ᠲᠣᠭᠤᠷᠢᠭ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠳᠣᠭᠢᠷᠠᠭᠤᠯᠵᠤ ᠪᠠᠶᠢᠷᠢᠯᠠᠭᠤᠯᠪᠠ᠃       ᠬᠤᠷᠠᠯ ᠠᠴᠠ ᠵᠢᠭᠠᠭᠰᠠᠨ ᠨᠢ᠂ ᠡᠨᠡ ᠵᠢᠯ ᠠᠴᠠ ᠨᠠᠰᠢ᠂ ᠵᠢᠨᠢᠩ ᠲᠣᠭᠤᠷᠢᠭ ᠤᠨ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠶᠯ ᠤᠨ ᠬᠦᠴᠢᠷᠳᠡᠯ ᠢ ᠢᠳᠡᠪᠬᠢᠲᠡᠶ ᠪᠠᠷ ᠢᠯᠠᠨ ᠳᠠᠪᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠰᠢᠶᠳᠪᠦᠷᠢᠯᠡᠬᠦ ᠲᠠᠯ᠎ᠠ ᠪᠠᠷ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠵᠦ᠂ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠭᠤᠰᠢᠲᠠᠶ ᠪᠠᠶᠢᠨ᠎ᠠ᠂ ᠭᠡᠪᠡᠴᠦ ᠣᠳᠣᠬᠢ ᠱᠠᠲᠤᠨ ᠳᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠭᠦᠶᠴᠡᠳᠬᠡᠪᠡᠰᠦ ᠵᠣᠬᠢᠬᠤ ᠶᠢ ᠨᠢ ᠴᠥᠮ ᠭᠦᠶᠴᠡᠳᠬᠡᠵᠦ᠂ ᠭᠦᠶᠴᠡᠳᠬᠡᠶ᠎ᠡ ᠭᠡᠪᠡᠯ ᠭᠦᠶᠴᠡᠳᠬᠡᠵᠦ ᠳᠡᠶᠢᠯᠬᠦ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠦᠨ᠂ ᠴᠢᠭᠯᠡᠭᠦᠯᠬᠦ ᠴᠢᠨᠠᠷᠲᠠᠶ ᠰᠢᠶᠳᠪᠦᠷᠢᠯᠡᠬᠦ ᠲᠥᠰᠦᠯ ᠢ ᠲᠣᠭᠲᠠᠭᠠᠵᠤ᠂ ᠴᠠᠭ ᠤᠨ ᠳᠠᠷᠠᠭᠠᠯᠠᠯ ᠤᠨ ᠠᠬᠢᠴᠠ ᠶᠢᠨ ᠱᠠᠭᠠᠷᠳᠠᠯᠭ᠎ᠠ ᠪᠠᠷ ᠠᠰᠠᠭᠤᠳᠠᠯ ᠢ ᠲᠦᠷᠭᠡᠳᠬᠡᠨ ᠰᠢᠶᠳᠪᠦᠷᠢᠯᠡᠬᠦ ᠶᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠡᠷ ᠭᠠᠵᠠᠷ ᠤᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾᠎ ᠤᠨ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠦᠷᠭᠦᠯᠵᠢᠯᠡᠨ ᠠᠬᠢᠭᠤᠯᠤᠨ ᠰᠢᠢᠳᠪᠦᠷᠢᠯᠡᠵᠦ᠂ ᠤᠯᠠᠨ ᠲᠦᠮᠡᠨ ᠤ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠵᠦ᠂ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃   ᠲᠣᠭᠤᠷᠢᠭ ᠤᠨ ᠤᠳᠤᠷᠢᠳᠤᠯᠭ᠎ᠠ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃            ᠵᠢᠷᠤᠭ ᠄  ᠴᠢᠶᠤᠤ ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2