ᠺᠠᠩ ᠬᠠᠶ ᠷᠦᠢ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠵᠤ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/15
     9 ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠮᠠᠨ ᠤ  ᠲᠤᠭᠤᠷᠢᠭ ᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃      ᠺᠠᠩ ᠬᠠᠶ ᠷᠦᠢ ᠤᠷᠢᠳ ᠬᠤᠵᠢᠳ ᠯᠢ ᠵᠢᠶᠠ ᠼᠦᠨ ᠲᠣᠰᠬᠤᠨ᠂ ᠷᠦ᠋ ᠢ ᠨᠡᠶᠢᠭᠡᠮ ᠲᠣᠭᠤᠷᠢᠭ ᠵᠢᠴᠢ ᠭᠤᠷᠪᠠᠳᠤᠭᠠᠷ ᠨᠣᠮᠧᠷᠲᠤ ᠭᠠᠵᠠᠷ ᠤᠨ ᠵᠠᠯᠭᠠᠯᠳᠤᠭᠰᠠᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢᠨ ᠠᠵᠢᠯ ᠤᠨ ᠲᠤᠬᠠᠶ ᠶᠢᠨ ᠲᠠᠯᠠᠪᠤᠷ ᠲᠤ ᠬᠦᠷᠴᠦ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠯᠠᠨ ᠲᠦᠮᠡᠨ ᠤ ᠥᠭᠡᠷᠡᠴᠢᠯᠡᠬᠦ ᠬᠦᠰᠡᠯ ᠰᠠᠨᠠᠭ᠎ᠠ ᠶᠢ ᠨᠠᠷᠢᠨ ᠨᠢᠮᠪᠠᠶ ᠠᠰᠠᠭᠤᠨ ᠯᠠᠪᠯᠠᠭᠰᠠᠨ ᠪᠥᠭᠡᠳ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠳᠠᠮᠵᠢᠭᠤᠯᠬᠤ ᠬᠤᠭᠤᠯᠠᠶ ᠶᠢᠨ ᠡᠷᠦᠬᠡ ᠳᠤ ᠣᠷᠣᠵᠤ ᠪᠠᠶᠢᠭ᠎ᠠ ᠵᠢᠴᠢ ᠤᠭᠰᠠᠷᠠᠨ ᠲᠣᠨᠣᠭᠯᠠᠭᠰᠠᠨ ᠪᠠᠶᠢᠳᠠᠯ ᠢ ᠣᠶᠢᠯᠠᠭᠠᠪᠠ᠃     ᠺᠠᠩ ᠬᠠᠶ ᠷᠦᠢ ᠬᠡᠯᠡᠬᠦ ᠳᠡᠭᠡᠨ᠂ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠶ ᠰᠢᠲᠠᠭᠠᠬᠤ ᠶᠢ ᠴᠡᠭᠴᠡᠯᠡᠨ ᠵᠠᠰᠠᠬᠤ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠡᠶᠢᠨ ᠤ ᠢᠯᠠᠯᠲᠠ ᠶᠢ ᠵᠠᠪᠠᠯ ᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠤᠬᠢᠰᠲᠠᠢ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠭᠠᠨ ᠬᠢᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠥᠭᠡᠷᠡᠴᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠳᠤᠯᠠᠭᠠᠯᠠᠭ᠎ᠠ ᠬᠠᠩᠭᠠᠬᠤ ᠠᠴᠠ ᠡᠮᠦᠨ᠎ᠡ ᠡᠯ᠎ᠡ ᠵᠦᠶᠯ ᠤᠨ ᠥᠭᠡᠷᠡᠴᠢᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠶ ᠭᠡᠵᠡᠶ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠵᠢᠷᠤᠮᠵᠢᠯ ᠲᠠᠢ ᠪᠠᠷ ᠪᠠᠷᠢᠯᠭ᠎ᠠ ᠪᠠᠷᠢᠬᠤ ᠶᠢ ᠪᠡᠶᠡᠯᠡᠭᠦᠯᠵᠦ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠳᠠᠷᠤᠯᠲᠠ ᠥᠭᠴᠦ ᠤᠰᠤ ᠲᠤᠷᠰᠢᠬᠤ︾᠎ ᠶᠢᠨ ᠲᠠᠷᠠᠭ᠎ᠠ ᠡᠯ᠎ᠡ ᠵᠦᠢᠯ ᠤᠨ ᠶᠠᠰᠤ ᠴᠢᠨᠠᠷ ᠤᠨ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠦᠷᠭᠦᠯᠵᠢᠯᠡᠨ ᠬᠠᠩᠭᠠᠬᠤ ᠳᠤᠯᠠᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠳᠤᠯᠠᠭᠠᠯᠭ᠎ᠠ ᠶᠢᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠯᠠᠨ ᠳᠤ ᠴᠢᠨᠠᠷ ᠰᠠᠶᠢᠲᠠᠢ ᠳᠤᠯᠠᠭᠠᠯᠭ᠎ᠠ ᠶᠢᠨ ᠦᠢᠯᠡᠴᠢᠯᠡᠭᠡ ᠶᠢ ᠡᠳ᠋ᠯᠡᠭᠦᠯᠬᠦ ᠬᠡᠷᠡᠭᠲᠡᠢ᠃   ᠲᠣᠭᠤᠷᠢᠭ ᠤᠨ ᠤᠳᠤᠷᠢᠳᠤᠯᠭ᠎ᠠ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                   ᠵᠢᠷᠤᠭ᠄ ᠭᠦᠸᠧ ᠸᠧᠨ ᠵᠢᠶᠧ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2