ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠲᠠ ᠪᠠᠶᠢᠭᠤᠯᠬᠤ ︽ᠠᠷᠪᠠᠨ ᠲᠠᠯ᠎ᠠ ᠪᠠᠷ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ︾ ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2022/9/21
jnqzfw_202291694319.jpg
ᠰᠤᠷᠪᠤᠯᠵᠢᠯᠠᠭᠰᠠᠨ ᠴᠠᠭ᠄ 2022-09-16 09: 53ᠰᠤᠷᠪᠤᠯᠵᠢᠯᠠᠭᠰᠠᠨ ᠵᠣᠴᠢᠨ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠵᠢᠶᠠᠨ ᠬᠤᠩᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠠᠩᠬᠠᠷᠤᠯ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠳᠤ ᠪᠢᠳᠡ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠯᠢ ᠵᠢᠶᠠᠨ ᠬᠤᠩ ᠨᠥᠬᠦᠷ ᠢ ᠤᠷᠢᠪᠠ᠃   ᠳᠣᠣᠷ᠎ᠠ ᠲᠠ ᠵᠢᠨᠢᠩ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠬᠢᠨ ︽ᠬᠤᠳᠠ ᠪᠠᠶᠢᠭᠤᠯᠬᠤ︾ ᠠᠷᠪᠠᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢᠨ ︽ᠡᠭᠦᠷᠭᠡ ᠶᠢᠨ ᠨᠠᠷᠢᠨ ᠲᠠᠩᠰᠠ︾᠎ ᠲᠠᠢ ᠬᠠᠷᠢᠴᠠᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠵᠡᠷᠭᠡ ᠠᠰᠠᠭᠤᠳᠠᠯ ᠤᠨ ᠲᠤᠬᠠᠢ ᠪᠢᠳᠡᠨ ᠳᠤ ᠬᠠᠷᠢᠭᠤᠯᠲᠠ ᠥᠭᠬᠦ ᠶᠢ ᠬᠦᠰᠡᠵᠦ ᠪᠠᠶᠢᠨ᠎ᠠ᠃ ᠯᠢ ᠲᠣᠪᠴᠢᠶᠠᠨ ᠳᠠᠷᠤᠭ᠎ᠠ᠂ ᠲᠠ ᠰᠠᠶᠢᠨ ᠤᠤ︕ᠯᠢ ᠵᠢᠶᠠᠨ ᠬᠤᠩ᠄ ᠬᠥᠲᠥᠯᠥᠭᠴᠢ ᠰᠠᠶᠢᠨ  ᠤᠤ᠂ ᠰᠦᠯᠵᠢᠶᠡᠨ  ᠠᠨᠳᠠ ᠨᠠᠷ ᠰᠠᠶᠢᠨ  ᠤᠤ᠂ ᠡᠨᠡ ᠤᠳᠠᠭ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠣᠷᠣᠯᠴᠠᠵᠤ᠂ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃     ᠨᠢᠭᠡ ᠳᠤ᠂ ᠬᠤᠳᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ 9 ᠭᠠᠵᠠᠷ ︽ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ︾᠎ ᠢ ᠪᠠᠶᠢᠭᠤᠯᠵᠤ᠂ 2000 ᠭᠠᠷᠤᠢ ᠳᠡᠯᠭᠡᠭᠦᠷ ᠤᠨ ᠣᠷᠣ ᠭᠠᠷᠭᠠᠵᠤ᠂ ᠨᠡᠭᠦᠳᠡᠯ ᠬᠤᠳᠠᠯᠳᠤᠭᠠᠴᠢᠨ ᠤ ᠵᠠᠬ᠎ᠠ ᠳᠡᠯᠭᠡᠭᠦᠷ ᠲᠤ ᠣᠷᠣᠵᠤ ᠵᠢᠷᠤᠮᠵᠢᠯ ᠲᠠᠢ ᠡᠵᠡᠩᠨᠡᠬᠦ ᠶᠢ ᠬᠦᠳᠦᠯᠦᠨ ᠵᠢᠯᠣᠭᠤᠳᠪᠠ᠃ ᠵᠠᠮ ᠡᠵᠡᠯᠡᠭᠰᠡᠨ ᠡᠵᠡᠩᠨᠡᠯᠲᠡ᠂ ᠨᠡᠭᠦᠳᠡᠯ ᠳᠡᠯᠭᠡᠭᠡ ᠮᠠᠶᠢᠮᠠᠶ ᠶᠢᠨ ᠴᠡᠭ᠂ ᠳᠤᠷ᠎ᠠ ᠪᠠᠷ ᠢᠶᠠᠨ ᠡᠯᠭᠦᠭᠡ ᠪᠢᠴᠢᠭᠡᠰᠦ ᠨᠠᠭᠠᠬᠤ᠂ ᠵᠢᠵᠢᠭ ᠵᠠᠷ ᠮᠡᠳᠡᠭᠡ ᠵᠡᠷᠭᠡ ᠡᠯ᠎ᠡ ᠲᠦᠷᠦᠯ ᠤᠨ ︽ᠠᠷᠬᠠᠭ ᠭᠡᠮ︾᠎ ᠢ ᠨᠡᠶᠢᠳᠡ 3 ᠲᠦᠮᠡ ᠭᠠᠷᠤᠶ ᠴᠡᠪᠡᠷᠯᠡᠪᠡ᠃     ᠬᠤᠶᠠᠷ ᠲᠤ᠂ ᠭᠤᠣᠯ ᠳᠡᠳ᠋ ᠵᠠᠮ᠂ ᠵᠡᠭᠡᠯᠢ ᠭᠤᠳᠤᠮᠵᠢ ᠶᠢᠨ ᠱᠤᠭᠤᠮ ᠢ ᠵᠢᠭᠰᠠᠭᠠᠨ ᠪᠠᠶᠢᠴᠠᠭᠠᠵᠤ᠂ ᠨᠡᠶᠢᠲᠡ 135 ︽  ᠵᠠᠮ ᠱᠤᠭᠤᠮ︾᠎ ᠢ ᠵᠢᠭᠰᠠᠭᠠᠨ ᠪᠠᠶᠢᠴᠠᠭᠠᠵᠤ᠂ ᠣᠳᠣᠬᠠᠨ ᠳᠤ ᠶᠠᠭ ᠴᠡᠭᠴᠡᠯᠡᠨ ᠵᠠᠰᠠᠬᠤ ᠠᠵᠢᠯ ᠢ ᠵᠣᠬᠢᠴᠠᠩᠭᠤᠶ ᠪᠠᠷ ᠠᠬᠢᠭᠤᠯᠵᠤ ᠪᠠᠶᠢᠨ᠎ᠠ᠃   ᠭᠤᠷᠪᠠ ᠳᠤ᠂ ᠵᠡᠭᠡᠯᠢ ᠶᠢᠨ ᠬᠤᠶᠠᠷ ᠬᠠᠵᠠᠭᠤ ᠶᠢᠨ ᠡᠪᠳᠡᠷᠡᠵᠦ ᠰᠦᠢᠳᠦᠭᠰᠡᠨ ᠪᠠᠷᠢᠯᠭ᠎ᠠ ᠶᠢᠨ ᠭᠠᠳᠠᠷ ᠲᠠᠯ᠎ᠠ ᠶᠢᠨ 45 ᠭᠠᠵᠠᠷ ᠢ ᠳᠠᠷᠠᠭᠠᠯᠠᠨ ᠪᠠᠶᠢᠴᠠᠭᠠᠨ᠎ᠠ ᠃ ᠠᠰᠠᠷ ᠤᠨ ᠪᠡᠶ᠎ᠡ ᠶᠢ ᠰᠦᠷᠴᠢᠨ ᠰᠢᠷᠳᠡᠬᠦ ᠶᠢ ᠰᠡᠯᠪᠢᠨ ᠵᠠᠰᠠᠵᠤ᠂ ᠡᠪᠳᠡᠷᠬᠡᠶ ᠬᠡᠷᠡᠮ᠂ ᠲᠠᠰᠤᠷᠬᠠᠶ ᠬᠡᠷᠡᠮ ᠢ 5000 ᠭᠠᠷᠤᠶ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠪᠠ᠃    ᠲᠦᠷᠪᠡ ᠳᠤ᠂ ᠵᠡᠭᠡᠯᠢ ᠥᠩᠭᠡᠷᠡᠬᠦ ᠬᠥᠭᠦᠷᠭᠡ᠂ ᠪᠠᠷᠢᠯᠭ᠎ᠠ ᠶᠢ ᠬᠦᠷᠢᠶᠡᠯᠡᠨ ᠬᠠᠰᠢᠬᠤ᠂  ᠲᠤᠯᠭᠠᠭᠤᠷᠢ᠂ ᠵᠠᠮ ᠤᠨ ᠨᠡᠷᠡᠳᠦ ᠲᠡᠮᠳᠡᠭᠲᠦ ᠨᠡᠶᠢᠲᠡ ᠶᠢᠨ ᠠᠰᠠᠷᠠᠮᠵᠢ ᠶᠢᠨ ᠵᠠᠷ ᠢ ᠳᠠᠷᠠᠭᠠᠯᠠᠨ ᠪᠠᠶᠢᠴᠠᠭᠠᠵᠤ᠂ ᠴᠠᠭ ᠠᠴᠠ ᠥᠩᠭᠡᠷᠡᠭᠰᠡᠨ ᠬᠠᠭᠤᠴᠢᠷᠬᠠᠰᠠᠨ ᠨᠡᠶᠢᠲᠡ ᠶᠢᠨ ᠠᠰᠠᠷᠠᠮᠵᠢ ᠶᠢᠨ ᠵᠠᠷ ᠢ ᠨᠡᠶᠢᠳᠡ 500 ᠭᠠᠷᠤᠶ 18 ᠲᠦᠮᠡ ᠭᠠᠷᠤᠶ ᠲᠡᠭᠰᠢ ᠳᠥᠷᠪᠡᠯᠵᠢᠨ ᠮᠧᠲᠷ ᠴᠡᠪᠡᠷᠯᠡᠵᠦ᠂ 8 ᠲᠦᠮᠡ ᠭᠠᠷᠤᠶ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ ᠰᠢᠨᠡᠳᠬᠡᠪᠡ᠃   ᠲᠠᠪᠤ ᠳᠤ᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠬᠤ ᠡᠮᠬᠢ ᠳᠢᠭᠯᠢᠮ ᠤᠨ ᠵᠢᠭᠰᠠᠭᠠᠨ ᠪᠠᠶᠢᠴᠠᠭᠠᠯᠲᠠ ᠶᠢ ᠴᠢᠩᠭᠠᠳᠬᠠᠨ᠎ᠠ᠃ 300 ᠭᠠᠷᠤᠶ ᠪᠣᠯᠪᠠᠰᠤᠨ ᠢᠳᠬᠠᠭᠴᠢ ᠶᠢ ᠵᠣᠬᠢᠶᠠᠨ ᠪᠠᠶᠢᠭᠤᠯᠤᠨ ᠶᠡᠭᠡ ᠵᠡᠭᠡᠯᠢ ᠵᠢᠵᠢᠭ ᠭᠤᠳᠤᠮᠵᠢ᠂ ᠬᠤᠳᠠᠯᠳᠤᠭᠠᠨ ᠤ ᠲᠣᠣᠷ ᠴᠡᠭ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠮᠠᠰᠢᠨᠲᠤ ᠪᠤᠰᠤ ᠲᠡᠷᠭᠡ ᠶᠢ ᠵᠢᠷᠤᠮᠵᠢᠭᠤᠯᠤᠨ ᠵᠠᠰᠠᠵᠤ᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠬᠤ 2200 ᠭᠠᠷᠤᠶ ᠣᠷᠣᠨ ᠪᠠᠶᠢᠷᠢ ᠶᠢ ᠵᠠᠭᠠᠭᠯᠠᠨ ᠲᠣᠭᠲᠠᠭᠠᠪᠠ᠃   ᠵᠢᠷᠭᠤᠭ᠎ᠠ ᠳᠤ᠂ ᠪᠠᠷᠢᠯᠭ᠎ᠠ ᠶᠢᠨ ᠭᠠᠵᠠᠷ ᠪᠠ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠎ ᠶᠢᠨ ᠪᠠᠷᠢᠯᠭ᠎ᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠣᠷᠣᠵᠤ ᠭᠠᠷᠬᠤ ᠲᠡᠷᠭᠡ ᠬᠥᠰᠬᠡ ᠶᠢ ᠤᠬᠢᠶᠠᠬᠤ᠂ ᠣᠷᠣᠵᠤ ᠭᠠᠷᠬᠤ ᠭᠠᠵᠠᠷ ᠢ ᠬᠠᠲᠠᠭᠤᠷᠠᠭᠤᠯᠬᠤ ᠵᠢᠴᠢ ᠬᠤᠭ ᠰᠢᠷᠣᠶ ᠶᠢᠨ ᠲᠡᠷᠭᠡ ᠬᠥᠰᠬᠡ ᠶᠢ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠡᠷᠭᠡ ᠬᠥᠰᠬᠡ ᠶᠢ ᠰᠢᠪᠠᠷ ᠲᠠᠢ ᠵᠠᠮ ᠳᠤ ᠭᠠᠷᠭᠠᠬᠤ᠂ ᠣᠷᠬᠢᠭᠳᠠᠭᠤᠯᠵᠤ ᠳᠤᠰᠤᠭᠠᠬᠤ ᠵᠢᠴᠢ ᠥᠯᠥ ᠪᠦᠷᠬᠦᠭᠦᠯᠵᠦ ᠲᠡᠭᠡᠭᠡᠪᠦᠷᠢᠯᠡᠬᠦ ᠵᠡᠷᠭᠡ 260 ᠭᠠᠷᠤᠶ ᠤᠳᠠᠭ᠎ᠠ ᠶᠢ ᠵᠠᠰᠠᠪᠠ᠃    ᠲᠤᠯᠤᠭ᠎ᠠ ᠳᠤ᠂ 1400 ᠵᠡᠭᠡᠯᠢ ᠶᠢᠨ ᠳᠠᠷᠤᠭ᠎ᠠ ᠶᠢ ᠦᠷᠭᠦᠯᠵᠢᠯᠡᠨ ᠲᠠᠶᠢᠴᠢᠯᠠᠵᠦ ︽ᠬᠤᠳᠠ ᠶᠢ ᠴᠣᠭᠴᠠᠯᠠᠨ ᠪᠠᠶᠢᠭᠤᠯᠬᠤ︾ ᠠᠵᠢᠯ ᠳᠤ ᠣᠷᠣᠯᠴᠠᠭᠤᠯᠵᠤ᠂ ᠥᠷᠭᠡᠨ ᠤᠯᠠᠠ ᠵᠡᠭᠡᠯᠢ ᠶᠢᠨ ᠳᠠᠷᠤᠭ᠎ᠠ ᠶᠢᠨ ᠡᠵᠡᠨ ᠤ ᠤᠬᠠᠮᠰᠠᠷ ᠢ ᠰᠡᠷᠭᠦᠭᠡᠵᠦ᠂ ︽ᠬᠤᠳᠠ ᠶᠢ ᠴᠣᠭᠴᠠᠯᠠᠨ ᠪᠠᠶᠢᠭᠤᠯᠬᠤ ᠵᠡᠭᠡᠯᠢ ᠶᠢᠨ ᠳᠠᠷᠤᠭ᠎ᠠ ᠶᠢᠨ ᠬᠢᠨᠠᠯᠲᠠ ᠲᠠᠯᠪᠢᠬᠤ ᠪᠦᠯᠦᠭ︾᠎ ᠢ ᠵᠣᠬᠢᠶᠠᠨ ᠪᠠᠶᠢᠭᠤᠯᠵᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠤᠬᠠᠭᠤᠯᠬᠤ ᠮᠠᠲ᠋ᠧᠷᠢᠶᠠᠯ ᠢ 3000 ᠭᠠᠷᠤᠢ ᠬᠤᠪᠢ ᠲᠠᠷᠬᠠᠭᠠᠪᠠ᠃     ᠨᠠᠢᠮᠠ ᠳᠤ᠂ ᠳᠠᠭᠠᠭᠠᠴᠢᠯᠠᠨ ᠬᠤᠯᠪᠣᠭᠠᠯᠠᠬᠤ ᠶᠢ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠠᠭᠠᠭᠠᠴᠢᠯᠠᠨ ᠬᠤᠯᠪᠣᠭᠠᠯᠠᠭᠰᠠᠨ ᠰᠠᠭᠤᠭᠠᠯᠢ ᠲᠣᠭᠤᠷᠢᠭ ᠲᠤ 2000 ᠭᠠᠷᠤᠢ ᠲᠡᠭᠰᠢ ᠳᠥᠷᠪᠡᠯᠵᠢᠨ  ᠮᠧᠲᠷ ᠵᠠᠮ ᠳᠡᠪᠢᠰᠴᠦ᠂ 170 ᠭᠠᠷᠤᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠰᠠᠮᠪᠠᠷ᠎ᠠ ᠶᠢ ᠰᠣᠯᠢᠵᠤ᠂ 300 ᠭᠠᠷᠤᠢ ᠮᠧᠳ᠋ᠷ ᠲᠡᠮᠦᠷ ᠤᠷᠠᠯᠢᠭ ᠤᠨ ᠬᠠᠰᠢᠶ᠎ᠠ ᠶᠢ ᠰᠡᠯᠪᠢᠨ ᠵᠠᠰᠠᠵᠤ᠂ 400 ᠭᠠᠷᠤᠢ ᠰᠠᠭᠤᠷᠢ ᠵᠤᠯᠵᠠᠭ᠎ᠠ ᠮᠣᠳᠣ ᠶᠢ ᠨᠥᠬᠦᠵᠦ ᠲᠠᠷᠢᠬᠤ ᠶᠢᠨ ᠬᠠᠮᠲᠤ ᠨᠣᠭᠤᠭᠠᠷᠠᠭᠤᠯᠤᠯᠲᠠ ᠶᠢᠨ ᠪᠦᠰᠡ ᠶᠢ ᠨᠠᠷᠢᠯᠢᠬᠵᠢᠭᠤᠯᠤᠨ ᠠᠷᠠᠴᠢᠯᠠᠨ᠎ᠠ ᠃ ᠴᠠᠬᠢᠯᠭᠠᠨ ᠴᠡᠨᠡᠭᠯᠡᠬᠦ ᠪᠠᠭᠠᠨ᠎ᠠ᠂ ᠵᠠᠮ ᠤᠨ ᠳ᠋ᠧᠩ᠂ ᠵᠠᠷᠯᠠᠯ ᠤᠨ ᠰᠠᠮᠪᠠᠷ᠎ᠠ ᠶᠢ ᠲᠠᠭᠠᠷᠠᠭᠤᠯᠤᠨ ᠪᠠᠶᠢᠭᠤᠯᠵᠤ᠂ ᠬᠤᠯᠠᠭᠠᠶ ᠶᠢ ᠰᠡᠷᠭᠡᠶᠢᠯᠡᠬᠦ ᠡᠭᠦᠳᠡ ᠶᠢ ᠰᠡᠯᠪᠢᠨ ᠵᠠᠰᠠᠵᠤ ᠰᠢᠷ ᠰᠦᠷᠴᠢᠪᠡ᠃ ᠣᠳᠣᠬᠠᠨ ᠳᠤ ᠶᠠᠭ ᠰᠢᠶᠠᠩ ᠡᡁᠧ ᠳ᠋ᠦᠩ ᠹᠠᠩ  ᠰᠠᠭᠤᠭᠠᠯᠢ ᠲᠣᠭᠤᠷᠢᠭ ᠲᠤ ᠬᠤᠯᠠᠭᠠᠢ ᠶᠢ ᠰᠡᠷᠭᠡᠶᠢᠯᠡᠬᠦ ᠡᠭᠦᠳᠡ ᠶᠢ ᠰᠣᠯᠢᠵᠤ ᠥᠭᠴᠦ᠂ ︽ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ  ᠲᠦᠬᠦᠭᠡᠷᠤᠮᠵᠢ︾ ᠵᠡᠷᠭᠡ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠪᠠᠶᠢᠭᠤᠯᠵᠤ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ᠬᠤᠲᠠ ᠶᠢᠨ ︽ᠠᠷᠪᠠᠨ ᠶᠡᠭᠡ ᠵᠢᠭᠰᠠᠭᠠᠨ ᠪᠠᠶᠢᠴᠠᠭᠠᠬᠤ᠂ ᠶᠡᠭᠡ ᠪᠠᠷ ᠴᠡᠭᠴᠡᠯᠡᠨ ᠵᠠᠰᠠᠬᠤ︾ ᠡᠭᠦᠷᠭᠡ ᠶᠢᠨ ᠨᠠᠷᠢᠨ ᠲᠠᠩᠰᠠ ᠶᠢ ᠪᠠᠷᠢᠮᠵᠢᠶᠠᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠵᠦᠶᠯ ᠤᠨ ᠡᠭᠦᠳᠦᠨ ᠪᠠᠶᠢᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠠᠷᠠᠳ ᠣᠯᠠᠨ ᠤ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠰᠤᠷᠪᠤᠯᠵᠢᠯᠠᠭᠴᠢ᠄ ᠯᠢ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠳᠤ ᠮᠠᠰᠢ ᠲᠠᠯᠠᠷᠬᠠᠵᠤ ᠪᠠᠶᠢᠨ᠎ᠠ᠂ ᠣᠯᠠᠨ ᠢᠶᠠᠷ ᠢᠶᠠᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃     ᠯᠢ ᠵᠢᠶᠠᠨ ᠬᠤᠩ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠣᠯᠠᠨ ᠢᠶᠠᠷ ᠢᠶᠠᠨ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯ ᠳᠤ ᠠᠩᠬᠠᠷᠤᠯ ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ︕ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2