ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/22
705470.jpg
    9 ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2022 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠵᠦᠶᠯᠡᠰ ᠢ ᠰᠤᠳᠤᠯᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ ᠂ ᠵᠢᠨᠢᠩ ᠤᠨ ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠭᠤᠯᠬᠤ︾᠎ ᠪᠠᠷ ᠪᠦᠬᠦ ᠬᠤᠳᠠ ᠶᠢᠨ ᠠᠵᠤ ᠠᠬᠤᠶ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠪᠥᠬᠦ ᠬᠦᠴᠦᠨ ᠢᠶᠠᠷ ᠢᠶᠠᠨ ᠴᠢᠩᠭᠠᠷᠠᠭᠤᠯᠵᠤ᠂ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ ᠠᠬᠢᠴᠠ ᠶᠢ ᠲᠦᠷᠭᠡᠳᠬᠡᠨ᠂ ᠠᠵᠤ ᠠᠬᠤᠶ ᠶᠢᠨ ᠠᠵᠢᠯᠯᠠᠭᠠᠨ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠬᠦ ᠶᠢ ᠴᠢᠩᠭᠠᠳᠬᠠᠵᠤ᠂ ᠵᠢᠯ ᠤᠨ ᠡᠬᠢᠨ ᠤ ᠬᠠᠷᠠᠯᠲᠠ ᠲᠠᠢ ᠬᠠᠷᠢᠴᠠᠭᠤᠯᠤᠨ᠂ ᠭᠤᠷᠪᠠᠳᠤᠭᠠᠷ ᠤᠯᠠᠷᠢᠯ ᠤᠨ ᠪᠠ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ᠃       ᠬᠤᠷᠠᠯ ᠠᠴᠠ ᠪᠠᠰᠠ ᠵᠢᠨᠢᠩ ᠲᠣᠭᠤᠷᠢᠭ ᠤᠨ 2022 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠰᠤᠷᠴᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠦᠭᠦᠳ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠤᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠦᠨᠡᠨ ᠪᠣᠳᠠᠲᠠᠶ ᠪᠠᠷ ᠳᠡᠭᠡᠭᠰᠢᠯᠡᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠶ ᠶᠢ ᠬᠡᠷᠡᠭᠯᠡᠨ ᠰᠡᠳᠬᠢᠬᠦ᠂ ᠠᠰᠠᠭᠤᠳᠠᠯ ᠢ ᠰᠢᠶᠳᠪᠦᠷᠢᠯᠡᠬᠦ ᠪᠠ ᠵᠥᠷᠢᠴᠡᠯ ᠢ ᠰᠢᠶᠳᠪᠦᠷᠢᠯᠡᠬᠦ ᠴᠢᠳᠠᠪᠤᠷᠢ ᠶᠢ ᠬᠥᠮᠦᠵᠢᠭᠦᠯᠵᠦ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠦᠨᠳᠦᠰᠦᠨ ᠠᠴᠠ ᠨᠢ ᠳᠡᠭᠡᠭᠰᠢᠯᠡᠭᠦᠯᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠦᠨᠡᠨ ᠬᠦ ᠴᠢᠩᠭᠠᠳᠬᠠᠵᠤ᠂ ᠡᠷᠬᠡ ᠶᠢᠨ ᠠᠵᠢᠯᠯᠠᠭᠠᠨ ᠢ ᠢᠯᠡ ᠪᠠᠶᠢᠯᠭᠠᠬᠤ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠢ ᠪᠠᠷ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠵᠦ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠠᠴᠠ ᠵᠥᠷᠢᠴᠡᠭᠰᠡᠨ ᠪᠠ ᠵᠤᠬᠢᠰ ᠦᠭᠡᠢ ᠵᠠᠰᠠᠭ ᠵᠠᠬᠢᠷᠭᠠᠨ ᠤ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                   ᠵᠢᠷᠤᠭ᠄ ᠭᠦᠸᠧ ᠸᠧᠨ ᠵᠢᠶᠧ                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2