ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠵᠤ᠋ ᠶᠠᠨ ᠵᠢᠶᠦ᠋ᠨ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠢᠯᠡ ᠪᠠᠷ ᠬᠦᠯᠢᠶᠡᠨ ᠠᠪᠴᠠᠶ
ᠨᠡᠶᠢᠲᠡᠯᠡᠭᠰᠡᠨ ᠴᠠᠭ᠄
2022/9/22
    9 ᠰᠠᠷ᠎ᠠ ᠶᠢᠨ 20᠎ ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤ᠋ ᠶᠠᠨ ᠵᠢᠶᠦ᠋ᠨ ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ ᠬᠦᠷᠴᠦ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠢᠯᠡ ᠪᠠᠷ ᠬᠦᠯᠢᠶᠡᠨ ᠠᠪᠤᠪᠠ᠃ ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠵᠦ ᠶᠠᠨ ᠵᠢᠶᠦ᠋ᠨ ᠤ ᠲᠣᠭᠤᠷᠢᠭ ᠤᠨ ᠳᠡᠳ᠋ ᠳᠠᠷᠤᠭ᠎ᠠ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠲᠠ ᠥᠭᠴᠡᠢ᠃     ᠵᠦ ᠶᠠᠨ ᠵᠢᠶᠦ᠋ᠨ ᠱᠠᠭᠠᠷᠳᠠᠭᠰᠠᠨ ᠨᠢ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠨᠢ ᠲᠡᠭᠦᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠡᠯ᠎ᠡ  ᠪᠠᠶᠢᠭᠤᠯᠭ᠎ᠠ ᠨᠢ ᠦᠨᠡᠨ ᠠᠴᠠ ᠵᠥᠪ ᠢ ᠡᠷᠢᠬᠦ ᠣᠪᠣᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠠᠷᠴᠢᠮ ᠢ ᠪᠠᠷᠢᠮᠲᠠᠯᠠᠨ᠂ ᠨᠠᠷᠢᠨ ᠬᠢᠨᠠᠮᠠᠭᠠᠶ ᠭᠥᠯᠢᠶᠡᠨ ᠠᠪᠴᠤ᠂ ᠴᠠᠭ ᠲᠤᠬᠠᠶ ᠳᠤᠨᠢ ᠭᠥᠯᠢᠶᠡᠨ ᠠᠪᠴᠤ᠂ ᠲᠦᠷᠭᠡᠨ ᠰᠢᠶᠳᠪᠦᠷᠢᠯᠡᠵᠦ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠦᠨᠡᠨ ᠬᠦ ᠰᠠᠶᠢᠲᠤᠷ ᠰᠢᠶᠳᠪᠦᠷᠢᠯᠡᠬᠦ ᠬᠡᠷᠡᠭᠲᠡᠶ᠃ ᠡᠭᠦᠨ ᠤ ᠬᠠᠮᠲᠤ ᠬᠠᠤᠯᠢ ᠪᠠᠷ ᠵᠠᠰᠠᠬᠤ ᠰᠡᠳᠬᠢᠬᠦᠢ ᠶᠢ ᠴᠢᠳᠠᠮᠠᠭᠠᠢ ᠪᠠᠷ ᠬᠡᠷᠡᠭᠯᠡᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠣᠶᠤᠨᠴᠢ ᠪᠠᠷ ᠡᠮᠬᠢ ᠵᠢᠷᠤᠮ ᠲᠠᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃   ᠲᠣᠰ ᠤᠳᠠᠭ᠎ᠠ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠨᠡᠶᠢᠲᠡ 3 ᠪᠦᠯᠦᠭ ᠤᠳᠠᠭ᠎ᠠ 12 ᠬᠥᠮᠦᠨ ᠤᠳᠠᠭ᠎ᠠ ᠭᠥᠯᠢᠶᠡᠨ ᠠᠪᠴᠤ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠨᠡᠶᠢᠭᠡᠮ ᠤᠨ ᠪᠠᠲᠤᠯᠠᠭ᠎ᠠ ᠶᠢᠨ ᠲᠥᠪ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠰᠤᠷᠪᠤᠯᠵᠢᠯᠠᠭ᠎ᠠ ᠶᠢ ᠭᠥᠯᠢᠶᠡᠨ ᠠᠪᠬᠤ ᠳᠤ ᠣᠷᠣᠯᠴᠠᠵᠠᠶ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2