ᠵᠢᠨᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠮᠠ ᠯᠢᠶᠠᠨ ᠴᠢᠦᠶ ᠰᠢᠶᠠᠩ ᠤᠨ ᠶᠡᠭᠡ ᠠᠷᠪᠠᠳᠤᠭᠠᠷ ᠲᠣᠰᠬᠤᠨ ᠳᠤ ᠭᠦᠨᠵᠡᠭᠡᠶᠢᠷᠡᠨ ︽ᠣᠯᠠᠨ ᠢᠶᠠᠷ ᠢᠶᠠᠨ ᠵᠥᠪᠳᠡᠯᠴᠡᠬᠦ︾ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/9/22
    9 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠮᠠ ᠯᠢᠶᠠᠨ ᠴᠢᠦᠶ ᠰᠢᠶᠠᠩ ᠤᠨ  ᠶᠡᠭᠡ ᠠᠷᠪᠠᠳᠤᠭᠠᠷ ᠲᠣᠰᠬᠤᠨ ᠳᠤ ᠭᠦᠨᠵᠡᠭᠡᠶᠢᠷᠡᠨ ︽ᠣᠯᠠᠨ ᠢᠶᠠᠷ ᠢᠶᠠᠨ ᠵᠥᠪᠳᠡᠯᠴᠡᠬᠦ︾ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠂ ᠰᠢᠶᠠᠩ ᠤᠨ ᠨᠠᠮ ᠤᠨ ᠬᠤᠷᠢᠶᠠᠨ ᠤ ᠱᠦᠵᠢ ᠭᠦᠸᠧ ᠬᠤᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠲᠦᠩ ᠢ ᠶᠡᠭᠡ ᠠᠷᠪᠠᠳᠤᠭᠠᠷ ᠲᠣᠰᠬᠤᠨ ᠤ ︽1+3+3+N︾ ᠵᠥᠪᠳᠡᠯᠴᠡᠨ ᠵᠠᠰᠠᠬᠤ ᠵᠠᠭᠪᠤᠷ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ︽ᠣᠯᠠᠨ ᠢᠶᠠᠷ ᠢᠶᠠᠨ ᠵᠥᠪᠳᠡᠯᠴᠡᠬᠦ︾ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠲᠦᠷᠢᠮ ᠤᠨ ᠪᠠᠶᠢᠭᠤᠯᠤᠯᠲᠠ᠂ ᠵᠥᠪᠯᠡᠬᠦ ᠶᠠᠪᠤᠴᠠ ᠵᠢᠴᠢ ᠵᠥᠪᠳᠡᠯᠴᠡᠬᠦ ᠪᠠ ᠬᠡᠷᠡᠭ ᠵᠥᠪᠯᠡᠬᠦ ᠲᠠᠪᠴᠠᠩ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠣᠷᠣᠯᠴᠠᠭᠠᠳ ᠣᠯᠤᠭᠰᠠᠨ ᠦᠷ᠎ᠡ ᠪᠦᠲᠦᠮᠵᠢ ᠶᠢ ᠣᠶᠢᠯᠠᠭᠠᠭᠰᠠᠨ ᠪᠥᠭᠡᠳ ︽ᠣᠯᠠᠨ ᠢᠶᠠᠷ ᠢᠶᠠᠨ ᠵᠥᠪᠳᠡᠯᠴᠡᠬᠦ︾ ᠵᠥᠪᠳᠡᠯᠴᠡᠬᠦ ᠪᠠ ᠬᠡᠷᠡᠭ ᠵᠥᠪᠯᠡᠬᠦ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃    ᠲᠦᠩ ᠢ  ᠵᠢᠭᠠᠭᠰᠠᠨ ᠨᠢ᠂ ︽ᠣᠯᠠᠨ ᠢᠶᠠᠷ ᠢᠶᠠᠨ ᠵᠥᠪᠳᠡᠯᠴᠡᠬᠦ︾ ᠬᠡᠷᠡᠭ ᠵᠥᠪᠯᠡᠬᠦ ᠲᠠᠪᠴᠠᠩ ᠪᠣᠯ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ ᠣᠯᠠᠨ ᠲᠦᠮᠡᠨ ᠤ ᠬᠤᠭᠤᠷᠣᠨᠳᠣᠬᠢ ︽ᠨᠢᠭᠤᠷᠲᠠᠨ ᠬᠠᠷᠢᠯᠴᠠᠬᠤ︾᠎ ᠶᠢ ᠴᠢᠩᠭᠠᠳᠬᠠᠬᠤ ᠬᠥᠭᠦᠷᠭᠡ ᠮᠥᠨ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠦᠴᠦᠲᠡᠢ ᠠᠷᠭ᠎ᠠ  ᠬᠡᠮᠵᠢᠶ᠎ᠡ ᠮᠥᠨ᠂ ᠵᠥᠪᠯᠡᠬᠦ ᠲᠣᠭᠲᠠᠴᠠ ᠶᠢ ᠪᠦᠷᠢᠨᠰᠢᠬᠦᠯᠵᠦ᠂ ᠵᠥᠪᠯᠡᠬᠦ ᠭᠤᠣᠯ ᠰᠡᠳᠦᠪ ᠢ ᠤᠯᠠᠨ ᠡᠰᠢᠵᠢᠭᠦᠯᠵᠦ᠂ ︽ᠤᠯᠠᠨ ᠢᠶᠠᠷ ᠢᠶᠠᠨ ᠵᠥᠪᠯᠡᠬᠦ︾᠎ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ︽ᠬᠦᠴᠢᠷᠳᠡᠬᠦ ᠳᠤ ᠵᠣᠪᠠᠨᠢᠬᠤ︾᠎ ᠶᠢ ᠦᠨᠡᠨᠬᠦ ︽ᠬᠠᠨᠤᠮᠵᠢᠲᠠᠢ ᠨᠠᠷᠢᠨ ᠲᠠᠩᠰᠠ︾ ᠪᠣᠯᠭᠠᠵᠤ᠂ ᠵᠥᠪᠯᠡᠬᠦ ᠠᠵᠢᠯ ᠢ ᠬᠥᠳᠡᠭᠡ ᠲᠣᠰᠬᠤᠨ ᠤ ᠵᠠᠰᠠᠯᠲᠠ ᠪᠣᠯᠤᠨ ᠦᠢᠯᠡᠴᠢᠯᠡᠭᠡᠨ ᠤ ᠲᠠᠯ᠎ᠠ ᠪᠦᠬᠦᠨ ᠳᠤ ᠦᠨᠡᠨᠬᠦ ᠠᠭᠤᠰᠤᠯᠴᠠᠭᠤᠯᠬᠤ ᠬᠡᠷᠡᠭᠲᠡᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2