ᠵᠢᠨᠢᠩ ᠲᠣᠭᠤᠷᠢᠭ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/30
     9 ᠰᠠᠷ᠎ᠠ ᠶᠢᠨ 29᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠤᠳᠤᠷᠢᠳᠤᠯᠭ᠎ᠠ ᠸᠠᠩ ᠯᠢ ᠰᠢᠨ᠂ ᠯᠢ ᠯᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃   ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ ᠬᠠᠶ ᠮᠢᠩ ᠡᠷᠭᠢᠯᠡᠵᠡᠶ᠃    ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃   ᠬᠤᠷᠠᠯ ᠠᠴᠠ᠂ ᠪᠦᠬᠦ  ᠲᠤᠭᠤᠷᠢᠭ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ᠂ ᠪᠣᠳᠠᠲᠠᠢ ᠶᠢ ᠡᠷᠬᠢᠮᠯᠡᠭᠰᠡᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠷᠢᠨ ᠪᠣᠳᠠᠲᠠᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ  ᠵᠢᠭᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ  ᠲᠤᠭᠤᠷᠢᠭ ᠤᠨ ᠡᠯ᠎ᠡ  ᠱᠠᠲᠤ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠢᠨ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷ ᠠᠵᠢᠯ ᠤᠨ ᠪᠠᠶᠢᠷᠢ ᠳᠡᠭᠡᠷ᠎ᠡ ᠪᠠᠨ ᠡᠭᠡᠯᠵᠢ ᠳᠠᠭᠠᠭᠤᠯᠬᠤ᠂ 24 ᠴᠠᠭ ᠢᠶᠠᠷ ᠵᠢᠵᠢᠭᠦᠷᠯᠡᠬᠦ ᠪᠠ ᠡ᠊ᠨᠳᠡᠯ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠡ᠊ᠨᠳᠡᠯ ᠪᠤᠶᠤ ᠲᠦᠭᠰᠢᠭᠦᠷᠢᠲᠦ ᠪᠠᠶᠢᠳᠠᠯ ᠭᠠᠷᠤᠮᠠᠭᠴᠠ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ᠂ ᠪᠦᠲᠦᠮᠵᠢᠲᠡᠶ ᠪᠠᠷ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢ ᠴᠠᠭ ᠢᠮᠠᠭᠲᠠ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠵᠢᠱᠢᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠪᠤᠷᠠᠨ ᠲᠤᠰᠠᠯᠠᠬᠤ ᠡᠩᠨᠡᠭᠡ ᠪᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠵᠡᠷᠭᠡ ᠡᠯ᠎ᠡ ᠵᠦᠶᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠢᠷᠡᠭᠦᠯᠦᠭᠰᠡᠨ ᠴᠠᠬᠢᠯᠭᠠᠨ ᠮᠡᠳᠡᠭᠡ ᠶᠢ ᠨᠠᠷᠢᠨ ᠬᠢᠨᠠᠮᠠᠭᠠᠶ ᠬᠦᠯᠢᠶᠡᠨ ᠠᠪᠴᠤ ᠰᠢᠶᠳᠪᠦᠷᠢᠯᠡᠨ᠂ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠯᠠᠨ ᠤ ᠵᠦᠢ ᠶᠣᠰᠣᠨ ᠤ ᠡᠷᠬᠡ ᠠᠰᠢᠭ᠂ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠬᠠᠮᠠᠭᠠᠯᠠᠬᠤ ᠬᠡᠷᠡᠭᠲᠡᠶ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠬᠥᠳᠡᠯᠦᠩᠭᠦᠢ ᠪᠠᠷ ᠲᠡᠭ  ᠪᠠᠶᠢᠯᠭᠠᠬᠤ︾ ᠶᠡᠷᠦᠩᠬᠡᠢ ᠴᠢᠭᠯᠡᠯᠲᠡ ᠶᠢ  ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠤᠨ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠦᠯ ᠤᠨ ᠲᠦᠷᠦ ᠶᠢᠨ ᠪᠤᠳᠤᠯᠭ᠎ᠠ ᠶᠢ ᠣᠨᠣᠪᠴᠢᠲᠠᠢ ᠡᠵᠡᠮᠰᠢᠵᠦ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠦᠨᠡᠨᠬᠦ ᠪᠣᠳᠠᠲᠠᠶᠢᠵᠢᠭᠤᠯᠵᠤ᠂ ︽ᠲᠦᠷᠪᠡᠨ ᠥᠷᠯᠥᠭᠡ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠦᠷᠳᠡᠭᠡ ᠨᠢᠭᠡ ᠤᠳᠠᠭ᠎ᠠ︾᠂ ᠵᠠᠰᠠᠮᠠᠯ ᠵᠠᠮ ᠤᠨ ᠪᠣᠭᠤᠮᠲᠠ ᠭᠠᠵᠠᠷ ᠲᠤ ᠬᠦᠷᠦᠭᠰᠡᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠡᠷᠡᠰ ᠰᠠᠶᠢᠲᠤᠷ ᠬᠢᠵᠦ᠂ 6 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠭᠠᠷᠭᠠᠬᠤ ᠶᠢ ᠪᠠᠲᠤᠯᠠᠬᠤ ᠬᠡᠷᠡᠭᠲᠡᠢ᠃             ᠵᠢᠷᠤᠭ᠄ ᠴᠢᠶᠤᠤ ᠮᠢᠨ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2