ᠺᠠᠩ ᠬᠠᠶ ᠷᠦᠢ ᠵᠢᠨᠢᠩ ᠲᠣᠭᠤᠷᠢᠭ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠬᠤᠯᠪᠣᠭᠳᠠᠯ ᠪᠥᠬᠦᠶ ᠵᠦᠶᠯᠡᠰ ᠢ  ᠰᠤᠳᠤᠯᠵᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/5
704470.jpg
     9  ᠳ᠋ᠦ᠋ᠭᠡᠷ ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ  ᠲᠤᠭᠤᠷᠢᠭ  ᠤᠨ  ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠲᠤᠰᠬᠠᠶ ᠠᠵᠢᠯᠯᠠᠭ᠎ᠠ ᠶᠢᠨ ᠨᠢᠭᠡᠳᠦᠭᠡᠷ ᠱᠠᠲᠤᠨ ᠤ ᠥᠪᠡᠰᠦᠪᠡᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠳᠣᠭᠢᠷᠠᠭᠤᠯᠵᠤ ᠪᠠᠶᠢᠷᠢᠯᠠᠭᠤᠯᠪᠠ         ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠷᠧᠨ ᠶᠦᠩ ᠱᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ  ᠵᠢᠭᠠᠭᠰᠠᠨ ᠨᠢ᠂ ︽ᠲᠠᠪᠤᠨ ᠶᠡᠭᠡ ᠡᠬᠢᠯᠡᠯᠲᠡ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠥᠷᠨᠢᠭᠦᠯᠬᠦ ᠪᠠᠷ ᠲᠣᠭᠲᠠᠭᠠᠭᠰᠠᠨ ᠴᠢᠬᠤᠯᠠ ᠠᠵᠢᠯ ᠪᠣᠯᠬᠤ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠲᠤᠬᠢᠷᠠᠭᠤᠯᠤᠨ ᠪᠠᠶᠢᠷᠢᠯᠠᠭᠤᠯᠤᠭᠰᠠᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠶᠡᠭᠡ ᠪᠠᠷ  ᠢᠯᠡᠷᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠡᠬᠡ ᠲᠠᠩᠰᠠ ᠶᠢ ᠰᠠᠶᠢᠲᠤᠷ ᠪᠠᠶᠢᠭᠤᠯᠤᠨ᠂ ᠥᠪᠡᠷ ᠢ ᠪᠠᠨ ᠭᠦᠨᠵᠡᠭᠡᠶ ᠪᠠᠶᠢᠴᠠᠭᠠᠵᠤ᠂ ᠠᠰᠠᠭᠤᠳᠠᠯ ᠢ ᠰᠢᠶᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠲᠦᠷᠭᠡᠨ ᠡᠷᠬᠢᠯᠡᠬᠦ ᠶᠢ ᠴᠢᠩᠭ᠎ᠠ ᠠᠳᠬᠤᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠵᠦ᠂  ᠨᠢᠭᠤᠴᠢᠬᠠᠢ ᠡᠳ᠋ ᠬᠦᠷᠦᠩᠬᠡ ᠶᠢ ᠪᠦᠬᠦ ᠬᠦᠴᠦᠨ ᠢᠶᠠᠷ ᠢᠶᠠᠨ ︽ᠬᠥᠳᠡᠯᠭᠡᠵᠦ︾᠂ ᠵᠣᠭᠰᠣᠩᠭᠢᠷᠠᠭᠰᠠᠨ ᠪᠡᠯᠡ ᠮᠥᠩᠭᠦ ᠶᠢ ︽ᠬᠥᠳᠡᠯᠭᠡᠵᠦ︾᠂ ᠡᠳ᠋ ᠤᠨ ᠵᠠᠰᠠᠭ ᠤᠨ ᠪᠡᠯᠡ ᠮᠥᠩᠭᠦ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡᠬᠦ ᠠᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠵᠤ᠂ ᠲᠦᠷᠦ ᠶᠢᠨ ᠪᠤᠳᠤᠯᠭ᠎ᠠ ᠶᠢ ᠰᠤᠳᠤᠯᠵᠤ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠨ ᠠᠬᠢᠭᠤᠯᠬᠤ ᠬᠡᠷᠡᠭᠲᠡᠢ᠃ ᠳᠠᠷᠤᠭᠳᠠᠮᠠᠯ ᠪᠠᠯᠠ ᠮᠥᠩᠭᠦ ᠶᠢᠨ ᠬᠡᠪᠴᠢᠶ᠎ᠡ ᠵᠢᠴᠢ ᠪᠦᠷᠢᠯᠳᠦᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠰᠢᠶᠳᠪᠦᠷᠢᠯᠡᠬᠦ ᠰᠠᠨᠠᠯ ᠢ ᠲᠥᠷᠥᠯ ᠬᠤᠪᠢᠶᠠᠨ ᠳᠤᠷᠠᠳᠴᠤ᠂ ᠣᠷᠳᠣ ᠬᠤᠭᠤᠴᠠᠭ᠎ᠠ ᠪᠠᠷ ᠰᠤᠯᠠ ᠪᠠᠶᠢᠬᠤ  ᠳᠠᠩᠰᠡ ᠶᠢ ᠢᠯᠭᠠᠷᠠᠭᠤᠯᠬᠤ ᠪᠠ ᠣᠷᠳᠣ ᠬᠤᠭᠤᠴᠠᠭ᠎ᠠ ᠪᠠᠷ ᠳᠠᠷᠤᠭᠳᠠᠮᠠᠯ ᠪᠠᠯᠠ ᠮᠥᠩᠭᠦ ᠶᠢ ᠬᠤᠷᠢᠶᠠᠨ ᠠᠪᠴᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠴᠢᠮ ᠬᠡᠷᠡᠭᠴᠡᠭᠡ ᠲᠠᠢ ᠭᠤᠤᠯᠳᠠᠯᠭ᠎ᠠ ᠲᠠᠢ ᠬᠦᠷᠢᠶ᠎ᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠵᠠᠷᠤᠯᠭ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠣᠯᠠᠨ ᠨᠡᠶᠢᠲᠡ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃                  ᠵᠢᠷᠤᠭ᠄ ᠴᠢᠶᠤᠤ ᠮᠢᠨ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2