ᠺᠠᠩ ᠬᠠᠶ ᠷᠦᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/7
798470.jpg
     9 ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠠᠰᠠᠭ ᠤᠨ ᠣᠷᠳᠣᠨ ᠤ 2022 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠵᠦᠶᠯᠡᠰ ᠢ ᠰᠤᠳᠤᠯᠤᠨ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠰᠤᠷᠭᠠᠭᠤᠯᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠶᠴᠡᠳ ᠲᠠᠨᠢᠵᠤ᠂ ᠠᠯᠤᠰ ᠬᠡᠲᠦ ᠳᠤ ᠰᠠᠭᠤᠷᠢᠯᠠᠨ᠂ ᠨᠢᠭᠡᠳᠦᠯᠲᠡᠶ ᠲᠥᠯᠥᠪᠯᠡᠨ ᠠᠷᠭ᠎ᠠ ᠰᠦᠪᠡᠭᠴᠢᠯᠡᠵᠦ᠂ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠯ ᠪᠠ ᠰᠠᠨᠠᠭᠤᠯᠭ᠎ᠠ ᠶᠢ ᠢᠳᠡᠪᠬᠢᠲᠡᠢ ᠪᠠᠷ ᠡᠮᠬᠢᠯᠡᠨ ᠰᠢᠩᠭᠡᠭᠡᠵᠦ᠂ ᠰᠡᠳᠬᠢᠴᠡ ᠠᠷᠭ᠎ᠠ  ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃  ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠦᠵᠡᠯ ᠰᠠᠨᠠᠭ᠎ᠠ ᠶᠢ ᠪᠤᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠠᠳᠬᠤᠵᠤ ᠪᠣᠳᠠᠲᠠᠶᠢᠵᠢᠭᠤᠯᠤᠨ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠮᠡᠳᠡᠷᠡᠬᠦ ᠲᠦᠷᠦᠭᠳᠡᠯ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ᠬᠤᠷᠠᠯ ᠠᠴᠠ ᠬᠤᠯᠪᠣᠭᠳᠠᠯ ᠪᠦᠬᠦᠢ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠢ ᠰᠤᠳᠤᠯᠤᠨ ᠬᠢᠨᠠᠨ ᠵᠥᠪᠯᠡᠪᠡ᠃   ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠥᠯ ᠵᠦᠶᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ  ᠠᠬᠢᠭᠤᠯᠬᠤ ᠴᠢᠬᠤᠯᠠ ᠠᠴᠢᠶᠠᠯᠠᠪᠤᠷᠢ ᠮᠥᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥᠯ ᠵᠦᠶᠯ ᠢ ᠠᠳᠬᠤᠬᠤ᠂ ᠲᠥᠷᠥᠯ ᠵᠦᠶᠯ ᠢ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠣᠭᠲᠠᠭᠰᠠᠨ ᠬᠠᠷᠠᠯᠲᠠ ᠲᠠᠢ ᠪᠠᠨ ᠬᠠᠷᠢᠴᠠᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠪᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠮᠠᠨ ᠤ ᠣᠷᠣᠨ ᠤ ᠲᠤᠭᠤᠷᠢᠭ ᠤᠨ  ᠠᠵᠤ ᠠᠬᠤᠶ ᠶᠢᠨ ᠬᠥᠭᠵᠢᠯᠲᠡ ᠳᠤ ᠤᠯᠠᠮ ᠨᠢᠭᠡ ᠠᠯᠬᠤᠮ ᠠᠮᠢᠳᠤᠯᠢᠭ ᠬᠦᠴᠦᠨ ᠨᠡᠮᠡᠷᠢᠯᠡᠬᠦ ᠬᠡᠷᠡᠭᠲᠡᠶ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃             ᠵᠢᠷᠤᠭ᠄ ᠭᠦᠸᠧ ᠸᠧᠨ ᠵᠢᠶᠧ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2