ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠤᠭᠤᠷᠢᠭ ᠤᠨ ᠬᠤᠷᠢᠶ᠎ᠠ ᠎ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/8
650470.jpg
624470.jpg
     9 ᠰᠠᠷ᠎ᠠ ᠶᠢᠨ 7᠎ ᠤ ᠤᠷᠤᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ  ᠲᠤᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠵᠤ ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠬᠤᠷᠠᠯ ᠳᠤ ᠣᠷᠣᠯᠴᠠᠪᠠ᠃   ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ ᠬᠠᠶ ᠮᠢᠩ ᠡᠷᠭᠢᠯᠡᠵᠡᠶ᠃   ᠬᠤᠷᠠᠯ ᠠᠴᠠ ᠥᠪᠥᠷ ᠮᠣᠩᠭᠤᠯ ᠤᠨ ᠰᠤᠳᠤᠯᠤᠨ ᠬᠠᠮᠵᠢᠯᠴᠠᠬᠤ ᠵᠥᠪᠯᠡᠯᠭᠡ ᠥᠭᠬᠦ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ ᠸᠠᠩ  ᠰᠢᠨ ᠢᠦᠶ ᠶᠢ ᠤᠷᠢᠵᠤ᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠸᠠᠩ  ᠰᠢᠨ ᠢᠦᠶ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠨᠠᠷᠢᠨ ᠲᠠᠶᠢᠯᠤᠮᠵᠢ ᠬᠢᠭᠰᠡᠨ ᠪᠥᠭᠡᠳ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠣᠷᠣᠨ ᠨᠤᠲᠤᠭ ᠤᠨ ᠳᠠᠯᠳᠠ ᠥᠭᠴᠡᠭᠡᠨ ᠤ ᠲᠣᠮᠢᠶᠠᠯᠠᠯ᠂ ᠰᠡᠷᠭᠡᠶᠢᠯᠡᠨ ᠡᠵᠡᠮᠳᠡᠬᠦ ᠵᠢᠴᠢ ᠠᠷᠢᠯᠭᠠᠬᠤ ᠠᠷᠭ᠎ᠠ ᠪᠠᠷᠢᠯ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ ᠬᠠᠪᠰᠤᠷᠤᠨ ᠵᠢᠯᠣᠭᠤᠳᠪᠠ᠃ ᠲᠠᠶᠢᠯᠤᠮᠵᠢ ᠶᠢᠨ ᠲᠠᠶᠢᠯᠪᠤᠷᠢᠯᠠᠨ ᠵᠢᠭᠠᠬᠤ ᠠᠭᠤᠯᠭ᠎ᠠ ᠶᠢᠨ ᠠᠭᠤᠯᠤᠭᠳᠠᠬᠤᠨ ᠡᠯᠪᠡᠭ ᠪᠠᠶᠠᠯᠢᠭ᠂ ᠭᠦᠨᠵᠡᠭᠡᠶ ᠪᠥᠭᠡᠳ ᠣᠶᠢᠯᠠᠭᠠᠮᠵᠢᠲᠠᠶ᠂ ᠣᠶᠢᠯᠠᠭᠠᠬᠤ ᠳᠤ ᠬᠢᠯᠪᠠᠷ ᠪᠠᠶᠢᠵᠤ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢᠨ ᠲᠦᠭᠰᠢᠭᠦᠷᠢ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠵᠥᠪ ᠢᠶᠠᠷ ᠣᠶᠢᠯᠠᠭᠠᠬᠤ ᠪᠠ ᠡᠵᠡᠮᠰᠢᠵᠦ᠂ ᠮᠠᠨ ᠤ ᠲᠤᠭᠤᠷᠢᠭ ᠤᠨ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠮᠠᠰᠢ ᠴᠢᠩᠭ᠎ᠠ ᠣᠨᠣᠯᠴᠢ ᠴᠢᠨᠠᠷ᠂ ᠦᠵᠡᠯ ᠰᠠᠨᠠᠭᠠᠴᠢ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃     ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂  ᠲᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠎ ᠶᠢᠨ ᠳᠠᠷᠤᠭ᠎ᠠ᠂ ᠪᠤᠰᠤᠳ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂  ᠨᠢᠭᠡᠴᠢ  ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃            ᠵᠢᠷᠤᠭ᠄ ᠴᠢᠶᠤᠤ ᠮᠢᠨ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2