| ᠮᠠᠨ ᠤ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠠᠩᠰᠠᠯᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ | ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠵᠤ | ᠂ ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ | ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠯᠭᠠᠭᠠᠳ᠂ 2022 | ᠣᠨ ᠤ 6 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠨ᠂ ᠤᠯᠠᠭᠠᠨᠴᠠᠪ ᠬᠤᠲᠠ ᠪᠥᠬᠦ ᠬᠤᠲᠠ ᠳᠤ ᠴᠠᠬᠢᠯᠭᠠᠨ | ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠬᠤ ᠶᠢ ᠰᠡᠷᠭᠡᠶᠢᠯᠡᠵᠤ ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ | ᠠᠵᠢᠯ ᠢ ᠥᠷᠨᠢᠭᠦᠯᠬᠦ ᠪᠠᠷ ᠪᠣᠶ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ ᠨᠢᠭᠡ᠂ | ᠳᠠᠩᠰᠠᠯᠠᠭᠤᠯᠬᠤ ᠬᠡᠪᠴᠢᠶ᠎ᠡ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠮ ᠢᠶᠠᠷ | ᠶᠠᠪᠤᠬᠤ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ᠂ ᠭᠤᠷᠪᠠᠨ ᠬᠦᠷᠳᠦᠲᠦ᠂ ᠳᠥᠷᠪᠡᠨ ᠬᠦᠷᠳᠦᠲᠦ | ᠴᠠᠬᠢᠯᠭᠠᠨ ᠬᠥᠳᠡᠯᠭᠡᠭᠦᠷᠲᠦ ᠲᠡᠷᠭᠡ ᠳᠤ ᠰᠦᠶᠳᠬᠡᠯ ᠬᠤᠷᠢᠶᠠᠬᠤ ᠥᠬᠡᠶ ᠪᠠᠷ ᠬᠤᠯᠠᠭᠠᠶᠢᠯᠠᠬᠤ ᠶᠢ ᠰᠡᠷᠭᠡᠶᠢᠯᠡᠵᠤ | ᠳᠠᠩᠰᠠᠯᠠᠭᠤᠯᠤᠨ ᠲᠡᠮᠳᠡᠭᠯᠡᠭᠦᠯᠵᠦ ᠫᠠᠶᠢᠰᠠ ᠡᠯᠭᠦᠬᠦ ᠶᠢ ᠬᠡᠷᠡᠭᠵᠢᠭᠦᠯᠦᠨ᠎ᠡ᠃ ᠬᠤᠶᠠᠷ᠂ ᠳᠠᠩᠰᠠᠯᠠᠭᠤᠯᠬᠤ ᠴᠠᠭ᠂ | ᠭᠠᠵᠠᠷ ︵ᠨᠢᠭᠡ︶ ᠲᠥᠪᠯᠡᠷᠡᠭᠦᠯᠦᠨ ᠭᠦᠶᠴᠡᠳᠬᠡᠬᠦ ᠴᠠᠭ᠄ 2022 ᠣᠨ ᠤ 6 ᠰᠠᠷ᠎ᠠ ᠶᠢᠨ 21 ᠤ ᠡᠳᠦᠷ ᠠᠴᠠ | 2022 ᠣᠨ ᠤ 8 ᠰᠠᠷ᠎ᠠ ᠶᠢᠨ 25 ᠤ ᠡᠳᠦᠷ ᠪᠣᠯᠲᠠᠯ᠎ᠠ᠃ ︵ᠬᠤᠶᠠᠷ︶ ᠭᠦᠶᠴᠡᠳᠬᠡᠬᠦ ᠭᠠᠵᠠᠷ᠄ ᠡᠯ᠎ᠡ | ᠲᠣᠮᠢᠯᠠᠭᠰᠠᠨ ᠰᠠᠯᠪᠤᠷᠢ᠂ ᠴᠠᠭᠳᠠᠭᠠᠨ ᠤ ᠶᠠᠪᠤᠳᠠᠯ ᠤᠨ ᠲᠠᠰᠤᠭ᠂ ᠲᠦᠷ ᠴᠠᠭ ᠪᠦᠷᠢᠳᠬᠡᠨ ᠳᠠᠩᠰᠠᠯᠠᠭᠤᠯᠬᠤ ᠭᠠᠵᠠᠷ︔ | ᠪᠣᠳᠠᠲᠠᠶ ᠭᠦᠶᠴᠡᠳᠬᠡᠬᠦ ᠲᠣᠤᠷ ᠴᠡᠭ ᠲᠤ ᠤᠯᠠᠭᠠᠨᠴᠠᠪ ᠤᠨ ︽ ᠢᠨᠲ᠋ᠧᠷ ᠰᠦᠯᠵᠢᠶ᠎ᠡ + ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾ ᠪᠠ ︽ᠤᠯᠠᠭᠠᠨᠴᠠᠪ ᠤᠨ ᠵᠠᠮ | ᠬᠠᠷᠢᠯᠴᠠᠭᠠᠨ ᠤ ᠴᠠᠭᠳᠠᠭ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠬᠠᠮᠢᠶ᠎ᠠ ᠪᠥᠬᠦᠶ ᠲᠣᠤᠷ | ᠴᠡᠭ ᠤᠨ ᠮᠡᠳᠡᠭᠡ ᠵᠠᠩᠭᠢ ᠶᠢ ᠣᠯᠵᠤ ᠠᠪᠤᠭᠠᠷᠠᠶ᠃ ᠭᠤᠷᠪᠠ᠂ ᠪᠣᠳᠠᠲᠠᠶ ᠳᠠᠩᠰᠠᠯᠠᠭᠤᠯᠬᠤ ᠱᠠᠭᠠᠷᠳᠠᠯᠭ᠎ᠠ ᠪᠦᠬᠦᠯᠢ | ᠠᠷᠪᠠᠨ ᠵᠢᠷᠭᠤᠭᠠᠨ ᠨᠠᠰᠤ ᠬᠦᠷᠦᠭᠰᠡᠨ ︵ᠪᠠᠭᠲᠠᠨ᠎ᠠ︶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠮᠴᠢᠯᠡᠭᠴᠢ ᠨᠢ | ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠲᠤᠬᠠᠶ ᠶᠢᠨ ᠲᠠᠯᠠᠪᠤᠷ ᠲᠤ ᠲᠡᠷᠭᠡ ᠪᠠᠨ ᠲᠤᠰᠢᠶᠠᠵᠤ | ᠰᠢᠯᠭᠠᠭᠤᠯᠬᠤ ᠶᠢᠨ ᠬᠠᠮᠲᠤ ᠳᠣᠤᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄ 1. ᠥᠮᠴᠢᠯᠡᠭᠴᠢ ᠶᠢᠨ ᠪᠡᠶ᠎ᠡ ᠶᠢᠨ | ᠦᠨᠡᠮᠯᠡᠯ ᠪᠤᠶᠤ ᠪᠤᠰᠤᠳ ᠬᠦᠴᠦᠨ ᠪᠥᠬᠦᠶ ᠪᠡᠶ᠎ᠡ ᠶᠢᠨ ᠦᠨᠡᠮᠯᠡᠯ᠃ 2. ᠴᠠᠬᠢᠯᠭᠠᠨ ᠬᠥᠳᠡᠯᠭᠡᠭᠦᠷᠲᠦ ᠲᠡᠷᠭᠡᠨ ᠤ | ᠬᠢᠷᠢ ᠲᠡᠩᠴᠡᠭᠰᠡᠨ ᠦᠨᠡᠮᠯᠡᠯ ᠪᠤᠶᠤ ᠲᠡᠷᠭᠡᠨ ᠤ ᠪᠦᠬᠦᠯᠢ ᠲᠡᠷᠭᠡ ᠪᠠᠷ ᠦᠢᠯᠡᠳᠪᠦᠷᠢ ᠠᠴᠠ ᠭᠠᠷᠬᠤ ᠳᠤ ᠬᠢᠷᠢ | ᠲᠡᠩᠴᠡᠭᠰᠡᠨ ᠭᠡᠷᠡᠴᠢ᠂ ᠲᠡᠷᠭᠡ ᠬᠤᠳᠠᠯᠳᠤᠨ ᠠᠪᠤᠭᠰᠠᠨ ᠪᠠᠷᠢᠮᠲᠠ︔ ᠳᠡᠭᠡᠷ᠎ᠡ ᠳᠤᠷᠠᠳᠤᠭᠰᠠᠨ ᠲᠡᠷᠭᠡ ᠬᠤᠳᠠᠯᠳᠤᠨ | ᠠᠪᠤᠭᠰᠠᠨ ᠭᠡᠷᠡᠴᠢ ᠪᠠᠷᠢᠮᠲᠠ ᠥᠭᠡᠢ ᠪᠣᠯ ᠥᠮᠴᠢᠯᠡᠭᠴᠢ ᠠᠴᠠ ᠲᠡᠷᠭᠡᠨ ᠤ ᠢᠷᠡᠯᠲᠡ ᠶᠢᠨ ᠬᠠᠤᠯᠢ ᠶᠤᠰᠤᠴᠢ | ᠴᠢᠨᠠᠷ ᠲᠤ ᠪᠢᠴᠢᠭ ᠤᠨ ᠠᠮᠠᠯᠠᠯᠲᠠ ᠬᠢᠬᠦ ᠬᠡᠷᠡᠭᠲᠡᠢ᠃ ᠳᠥᠷᠪᠡ᠂ ᠪᠤᠰᠤᠳ ᠵᠦᠢᠯ ︵ᠨᠢᠭᠡ︶ 2022 ᠣᠨ ᠤ 8 | ᠳ᠋ᠤᠭᠠᠷ ᠰᠠᠷ᠎ᠠ ᠶᠢᠨ 25 ᠤ ᠡᠳᠦᠷ ᠲᠥᠪᠯᠡᠷᠡᠭᠦᠯᠦᠨ ᠳᠠᠩᠰᠠᠯᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ | ᠤᠯᠤᠰ ᠤᠨ ᠪᠠᠷᠢᠮᠵᠢᠶ᠎ᠠ ᠳᠤ ᠨᠡᠶᠢᠴᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠳᠠᠯᠳᠤᠨ ᠠᠪᠬᠤ ᠳᠤ᠂ ᠲᠡᠷᠭᠡ | ᠬᠤᠳᠠᠯᠳᠤᠨ ᠠᠪᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠲᠣᠰ ᠬᠥᠮᠦᠨ ᠤ ᠰᠠᠭᠤᠭ᠎ᠠ ᠭᠠᠵᠠᠷ ᠤᠨ | ᠲᠣᠮᠢᠯᠠᠭᠰᠠᠨ ᠰᠠᠯᠪᠤᠷᠢ᠂ ᠴᠠᠭᠳᠠᠭᠠᠨ ᠤ ᠶᠠᠪᠤᠳᠠᠯ ᠤᠨ ᠲᠠᠰᠤᠭ ᠪᠤᠶᠤ ᠪᠤᠰᠤᠳ ᠵᠢᠭᠠᠨ ᠲᠣᠭᠲᠠᠭᠠᠭᠰᠠᠨ ᠭᠠᠵᠠᠷ ᠲᠤ | ᠬᠦᠷᠴᠦ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠶ᠃ ︵ᠬᠤᠶᠠᠷ︶ ᠳᠣᠲᠣᠭᠠᠳᠤ ᠶᠢ ᠬᠠᠮᠠᠭᠠᠯᠠᠬᠤ | ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠤ ᠦᠶᠯᠡᠳᠪᠦᠷᠢ | ᠮᠡᠳᠡᠭᠡ ᠵᠠᠩᠭᠢᠵᠢᠯᠲᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤ ᠪᠠᠷ᠂ ᠴᠠᠬᠢᠯᠭᠠᠨ ᠬᠥᠳᠡᠯᠭᠡᠭᠦᠷᠲᠦ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ | ᠫᠠᠶᠢᠰᠠ ᠠᠪᠴᠤ ᠪᠣᠷᠣᠯᠠᠭᠤᠯᠬᠤ ᠦᠶᠯᠡᠴᠢᠯᠡᠭᠡ ᠬᠠᠩᠭᠠᠯᠭᠠᠬᠤ ᠪᠠᠷ ᠱᠠᠭᠠᠷᠳᠠᠵᠤ᠂ ᠪᠠᠷᠠᠭᠠᠨ ᠤ ᠭᠦᠶᠯᠭᠡᠭᠡᠨ ᠤ | ᠲᠦᠷᠭᠡᠨ ᠬᠦᠷᠭᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠰᠢᠭᠯᠠᠯᠲᠠ ᠳᠤ ᠣᠷᠣᠭᠤᠯᠤᠭᠰᠠᠨ ᠬᠠᠮᠲᠤᠪᠠᠷ | ᠡᠳ᠋ᠯᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠦᠬᠦᠨ ᠢ ᠫᠠᠶᠢᠰᠠ ᠡᠯᠭᠦᠭᠦᠯᠦᠨᠡ᠃ ᠡᠯ᠎ᠡ ᠲᠣᠮᠣ ᠳᠠᠭᠠᠳᠬᠠᠯ ᠤᠨ | ᠺᠣᠮᠫᠠᠨᠢ ᠶᠢ ᠵᠣᠬᠢᠴᠠᠭᠤᠯᠤᠨ ᠳᠠᠭᠠᠳᠬᠠᠯ ᠤᠨ ᠵᠠᠷᠤᠳᠠᠯ ᠤᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ | ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠮᠴᠢᠯᠡᠭᠴᠢ ᠶᠢᠨ ᠲᠡᠷᠭᠡ ᠬᠥᠰᠬᠡ ᠶᠢᠨ ᠭᠤᠷᠪᠠᠳᠠᠬᠢ ᠡᠲᠡᠭᠡᠳ ᠤᠨ | ᠬᠠᠷᠢᠭᠤᠴᠠᠯᠭ᠎ᠠ ᠶᠢᠨ ᠳᠠᠭᠠᠳᠬᠠᠯ᠂ ᠬᠤᠯᠠᠭᠠᠢ ᠳᠡᠭᠡᠷᠡᠮ ᠳᠤ ᠠᠯᠳᠠᠬᠤ ᠳᠠᠭᠠᠳᠬᠠᠯ ᠬᠤᠳᠠᠯᠳᠤᠨ ᠠᠪᠬᠤ ᠶᠢ | ᠵᠣᠷᠢᠭᠵᠢᠭᠤᠯᠤᠨ᠂ ᠣᠶᠤᠨᠴᠢ ᠬᠠᠮᠢᠶᠠᠷᠤᠯᠲᠠ ᠶᠢᠨ ᠦᠵᠦᠭᠦᠷ ᠤᠨ ᠲᠥᠬᠦᠭᠡᠷᠦᠮᠵᠢ ᠶᠢ ᠤᠭᠰᠠᠷᠠᠵᠤ᠂ ᠴᠠᠬᠢᠯᠭᠠᠨ | ᠬᠥᠳᠡᠯᠭᠡᠭᠦᠷᠲᠦ ᠲᠡᠷᠭᠡ ᠶᠢᠨ ᠫᠠᠶᠢᠰᠠ ᠡᠯᠭᠦᠬᠦ ᠠᠵᠢᠯ ᠤᠨ ᠥᠷᠨᠢᠯᠲᠡ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ | ᠲᠡᠷᠭᠡ ᠬᠥᠰᠬᠡ ᠶᠢᠨ ᠥᠮᠴᠢᠯᠡᠭᠴᠢ ᠳᠤ ᠴᠢᠬᠤᠯᠠ ᠪᠥᠬᠦᠶ ᠬᠥᠮᠦᠨ ᠤ ᠪᠡᠶ᠎ᠡ ᠶᠢᠨ ᠪᠠ ᠡᠳ᠋ ᠪᠣᠳᠠᠰ ᠤᠨ ᠠᠮᠤᠷ | ᠲᠦᠪᠰᠢᠨ ᠤ ᠲᠦᠭᠰᠢᠭᠦᠷᠢ ᠶᠢᠨ ᠪᠠᠲᠤᠯᠠᠭ᠎ᠠ ᠬᠠᠩᠭᠠᠨ᠎ᠠ᠃ ︵ᠭᠤᠷᠪᠠ︶ ᠴᠠᠬᠢᠯᠭᠠᠨ ᠬᠥᠳᠡᠯᠭᠡᠭᠦᠷᠲᠦ ᠲᠡᠷᠭᠡ ᠶᠢᠨ | ᠥᠮᠴᠢᠯᠡᠭᠴᠢ ᠨᠢ ᠵᠠᠷᠯᠠᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠬᠠᠪᠢ ᠶᠢᠨ ᠵᠠᠷᠴᠢᠮ ᠢ ᠵᠢᠷᠤᠮᠯᠠᠨ᠂ ᠰᠠᠭᠤᠭ᠎ᠠ | ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠠᠵᠠᠷ ᠲᠤ ᠬᠦᠷᠴᠦ | ᠪᠦᠷᠢᠳᠬᠡᠨ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠶᠴᠡᠳᠬᠡᠬᠦ ᠳᠤ ᠢᠳᠡᠪᠬᠢᠲᠡᠶ ᠬᠠᠮᠵᠢᠯᠴᠠᠵᠤ᠂ ᠨᠣᠮᠧᠷ ᠤᠨ | ᠫᠠᠶᠢᠰᠠ ᠶᠢ ᠠᠪᠬᠤ ᠪᠠ ᠤᠭᠰᠠᠷᠠᠬᠤ ᠬᠡᠷᠡᠭᠲᠡᠶ ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠴᠠᠬᠢᠯᠭᠠᠨ | ᠬᠥᠳᠡᠯᠭᠡᠭᠦᠷᠲᠦ ᠲᠡᠷᠭᠡ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ | ᠲᠡᠷᠭᠡ ᠬᠥᠰᠬᠡ ᠶᠢᠨ ᠲᠣᠭᠲᠠᠭᠠᠯ ᠶᠣᠰᠣᠭᠠᠷ ᠫᠠᠶᠢᠰᠠ ᠡᠯᠭᠦᠬᠦ ᠥᠬᠡᠶ ᠵᠢᠴᠢ ᠵᠢᠯᠣᠭᠤᠴᠢ ᠶᠢᠨ ᠠᠮᠤᠷ ᠲᠦᠪᠰᠢᠨ ᠤ | ᠳᠤᠭᠤᠯᠠᠭ᠎ᠠ ᠵᠡᠭᠦᠬᠦ ᠥᠬᠡᠶ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ | ᠨᠡᠶᠢᠭᠡᠮ ᠤᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠨ᠂ ︽ᠪᠥᠬᠦ | ᠤᠯᠤᠰ ᠤᠨ ᠪᠣᠯᠪᠠᠰᠤᠨ ᠬᠤᠲᠠ︾ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠵᠦ᠂ ᠠᠮᠤᠷ ᠲᠦᠪᠰᠢᠨ ᠡᠮᠬᠢ ᠵᠢᠷᠤᠮ ᠲᠠᠢ᠂ ᠪᠣᠯᠪᠠᠰᠤᠨ ᠡᠶ᠎ᠡ ᠵᠣᠬᠢᠴᠠᠯ ᠲᠠᠢ ᠬᠤᠲᠠ ᠶᠢᠨ ᠣᠷᠴᠢᠨ | ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ | ᠡᠭᠦᠨ ᠳᠤ ᠣᠨᠴᠠᠭᠠᠶᠢᠯᠠᠨ ᠵᠠᠷᠯᠠᠪᠠ᠃ | 2022 ᠣᠨ ᠤ 6 ᠰᠠᠷ᠎ᠠ ᠶᠢᠨ 17 | | |