| | | | | | | | 1 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠣᠭᠤᠷᠢᠭ ᠤᠨ ᠨᠠᠮ ᠤᠨ | ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠦᠨ ᠵᠤᠵᠠᠭᠠᠨ ᠬᠠᠯᠠᠮᠵᠢᠯᠠᠯ ᠢ ᠠᠪᠴᠤ᠂ ᠴᠠᠭᠠᠨ ᠰᠠᠷ᠎ᠠ ᠶᠢᠨ | ᠬᠤᠭᠤᠴᠠᠭᠠᠨ ᠳᠤ ᠡᠮᠦᠨ᠎ᠡ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ ᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠦᠡᠭᠨᠡᠯ ᠳᠡᠪᠰᠢᠭᠦᠯᠬᠦ ᠶᠢᠨ ᠬᠠᠮᠲᠤ ᠲᠡᠳᠡᠨ ᠢᠶᠠᠷ ᠳᠠᠮᠵᠢᠭᠤᠯᠤᠨ | ᠪᠥᠬᠦ ᠲᠤᠭᠤᠷᠢᠭ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠡᠮᠦᠨ᠎ᠡ ᠹᠷᠣᠨᠲ ᠤᠨ ᠺᠠᠳ᠋ᠷ ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠮᠡᠨᠳᠦᠴᠢᠯᠡᠯ ᠳᠡᠪᠰᠢᠭᠦᠯᠪᠡ᠃ | ᠢᠯᠴᠢ ᠬᠠᠩᠭᠠᠬᠤ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠲᠠᠢ ᠨᠢᠭᠲᠠ ᠬᠤᠯᠪᠣᠭᠳᠠᠵᠤ ᠪᠠᠶᠢᠳᠠᠭ᠃ ᠺᠠᠩ ᠬᠠᠶ ᠷᠦᠢ ᠤᠯᠠᠭᠠᠨᠴᠠᠪ ᠬᠤᠲᠠ ᠶᠢᠨ ᠵᠢᠩ ᠨᠢᠩ | ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠡᠮᠦᠨ᠎ᠡ ᠹᠷᠣᠨᠲ ᠤᠨ ᠠᠵᠢᠯᠳᠠᠨ | ᠠᠵᠢᠯᠴᠢᠨ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ 3 ᠳ᠋ᠤᠭᠠᠷ ᠨᠣᠮᠧᠷᠲᠤ ᠮᠠᠰᠢᠨ ᠴᠣᠭᠴᠠᠯᠠᠪᠤᠷᠢ ᠶᠢᠨ | ᠠᠵᠢᠯᠯᠠᠭᠠᠨ ᠪᠣᠯᠤᠨ 4 ᠳ᠋ᠦ᠋ᠭᠡᠷ ᠨᠣᠮᠧᠷᠲᠤ ᠮᠠᠰᠢᠨ ᠴᠣᠭᠴᠠᠯᠠᠪᠤᠷᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ | ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ | ᠰᠣᠨᠣᠰᠤᠭᠰᠠᠨ ᠤ ᠲᠠᠷᠠᠭ᠎ᠠ᠂ ᠥᠷᠭᠡᠨ ᠤᠯᠠᠨ ᠠᠵᠢᠯᠳᠠᠨ ᠠᠵᠢᠯᠴᠢᠨ ᠬᠠᠷᠢᠭᠤᠴᠠᠯᠭ᠎ᠠ ᠶᠢᠨ ᠤᠬᠠᠮᠰᠠᠷ ᠪᠣᠯᠤᠨ | ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠪᠦᠬᠦ ᠲᠤᠭᠤᠷᠢᠭ ᠤᠨ ᠠᠷᠠᠳ ᠤᠯᠠᠨ ᠤ ᠬᠠᠯᠠᠭᠤᠨ | ᠳᠤᠯᠠᠭᠠᠨ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠺᠠᠩ ᠬᠠᠢ ᠷᠦᠢ ᠵᠢᠨᠢᠩ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠲᠤ | ᠬᠦᠷᠴᠦ᠂ ᠤᠯᠠᠨ ᠢᠶᠠᠷ ᠢᠶᠠᠨ ᠰᠢᠨ᠎ᠡ ᠨᠢᠭᠡ ᠵᠢᠯ ᠳᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠨᠡᠩ | ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠮᠠᠨ ᠤ ᠲᠤᠭᠤᠷᠢᠭ ᠤᠨ ᠬᠤᠳᠠ ᠶᠢᠨ ᠬᠠᠮᠢᠶᠠᠷᠤᠯᠲᠠ ᠶᠢᠨ | ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ | ᠭᠡᠵᠡᠢ᠃ | ᠲᠣᠭᠤᠷᠢᠭ ᠤᠨ ᠤᠳᠤᠷᠢᠳᠤᠯᠭ᠎ᠠ ᠵᠠᠩ ᠵᠧ ᠬᠤᠢ᠂ ᠱᠧᠨ ᠢᠦᠢ ᠰᠢᠶᠠᠩ ᠲᠣᠬᠤᠨᠢᠭᠤᠯᠬᠤ ᠳᠤ ᠣᠷᠣᠯᠴᠠᠪᠠ᠃ | ᠵᠢᠷᠤᠭ᠄ ᠴᠢᠶᠤᠤ ᠮᠢᠨ | ᠤᠷᠴᠢᠭᠤᠯᠤᠭᠴᠢ᠄ ᠲᠤᠶᠠᠭ᠎ᠠ | | | |