ᠴᠠᠭᠠᠨ ᠰᠠᠷ᠎ᠠ ᠶᠢᠨ ᠬᠤᠭᠤᠴᠠᠭᠠᠨ ᠳᠠᠬᠢ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠸᠠᠺᠼᠢᠨ ᠤ ᠲᠠᠷᠢᠯᠭ᠎ᠠ  ᠲᠠᠷᠢᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/1/25
    ᠮᠠᠨ ᠤ ᠲᠤᠭᠤᠷᠢᠭ ᠤᠨ ᠠᠷᠠᠳ ᠲᠦᠮᠡᠨ ᠤ ᠠᠮᠤᠷ ᠠᠮᠤᠭᠤᠯᠠᠩ᠂ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ ᠰᠢᠨ᠎ᠡ ᠪᠠᠷ  ᠲᠢᠲᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠ ᠰᠠᠭᠤᠭᠠᠯᠢ ᠠᠷᠠᠳ ᠤᠨ ᠲᠠᠷᠢᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠲᠢᠲᠢᠮᠯᠢᠭ ᠸᠠᠺᠼᠢᠨ ᠤ ᠲᠠᠷᠢᠯᠭ᠎ᠠ ᠶᠢᠨ ᠴᠡᠭ ᠤᠨ ᠠᠵᠢᠯ ᠢ ᠳᠣᠤᠷᠠᠬᠢ ᠮᠡᠲᠦ ᠳᠣᠭᠢᠷᠠᠭᠤᠯᠪᠠ᠄    ᠪᠢᠲᠡᠭᠦᠨ ᠤ ᠡᠳᠦᠷ ᠠᠴᠠ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ︵1 ᠰᠠᠷ᠎ᠠ ᠶᠢᠨ 21᠎ ᠤ ᠡᠳᠦᠷ — 24᠎ ᠤ ᠡᠳᠦᠷ︶ ᠪᠣᠯᠲᠠᠯ᠎ᠠ ᠸᠠᠺᠼᠢᠨ ᠤ ᠲᠠᠷᠢᠯᠭ᠎ᠠ ᠶᠢᠨ ᠴᠡᠭ ᠠᠮᠠᠷᠠᠨ᠎ᠠ᠂ ᠸᠠᠺᠼᠢᠨ ᠤ ᠲᠠᠷᠢᠯᠭ᠎ᠠ ᠶᠢᠨ ᠠᠵᠢᠯ ᠲᠦᠷ ᠵᠤᠭᠰᠤᠨ᠎ᠠ ᠃ᠴᠠᠭᠠᠨ ᠰᠠᠷ᠎ᠠ ᠶᠢᠨ ᠰᠢᠨ᠎ᠡ ᠶᠢᠨ ᠳᠥᠷᠪᠡᠨ ᠠᠴᠠ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ︵1 ᠰᠠᠷ᠎ᠠ ᠶᠢᠨ 25᠎ ᠤ ᠡᠳᠦᠷ ᠠᠴᠠ 27᠎ ᠤ ᠡᠳᠦᠷ︶ ᠪᠣᠯᠲᠠᠯ᠎ᠠ᠂ ᠸᠠᠺᠼᠢᠨ ᠤ ᠲᠠᠷᠢᠯᠭ᠎ᠠ ᠶᠢᠨ ᠠᠵᠢᠯ ᠢ ᠬᠡᠪ ᠤᠨ ᠶᠣᠰᠣᠭᠠᠷ ᠶᠠᠪᠤᠭᠳᠠᠭᠤᠯᠤᠨ᠎ᠠ᠃     ᠲᠠᠷᠢᠯᠭ᠎ᠠ ᠶᠢᠨ ᠴᠠᠭ ᠢ ᠵᠣᠬᠢᠰᠲᠠᠶ ᠲᠣᠬᠢᠷᠠᠭᠤᠯᠬᠤ ᠶᠢ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ ᠬᠢᠴᠢᠶᠡᠩᠭᠦ᠋ᠢᠯᠡᠨ ᠮᠡᠳᠡᠭᠳᠡᠶ᠎ᠡ᠃                  ᠤᠯᠠᠭᠠᠨᠴᠠᠪ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ                     2023 ᠣᠨ ᠤ 1 ᠰᠠᠷ᠎ᠠ ᠶᠢᠨ 18᠎ ᠤ ᠡᠳᠦᠷ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2