| | ᠨᠢᠭᠡ᠂ ︽ᠲᠣᠭᠲᠠᠭᠠᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ︾ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ | ᠬᠡᠷᠡᠭᠯᠡᠬᠦ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠳᠦᠷᠢᠮ ᠢ | ᠲᠦᠷᠭᠡᠳᠬᠡᠨ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠦᠢᠯᠡᠳᠪᠦᠷᠢᠯᠡᠯ ᠳᠤ | ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠠᠲᠤᠯᠠᠵᠤ᠂ ᠨᠡᠭᠦᠷᠡᠰᠦᠨ ᠤ ᠠᠵᠢᠯ ᠲᠥᠷᠥᠯ ᠤᠨ ᠬᠡᠯᠬᠢᠶ᠎ᠡ ᠶᠢ | ᠤᠷᠲᠤᠳᠬᠠᠨ᠂ ᠤᠯᠠᠮᠵᠢᠯᠠᠯᠲᠤ ᠨᠡᠭᠦᠷᠡᠰᠦᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠲᠠᠬᠢ ᠪᠠᠶᠢᠷᠢ ᠰᠠᠭᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠ | ᠴᠢᠩᠭᠠᠷᠠᠭᠤᠯᠤᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠦᠢᠯᠡᠴᠢᠯᠡᠬᠦ ᠪᠠ ᠪᠠᠲᠤᠯᠠᠬᠤ ᠶᠢᠨ ᠲᠤᠰᠠᠳᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ | ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠲᠤᠬᠠᠢ ᠲᠣᠭᠲᠠᠭᠠᠯ︾ ︵ᠥᠪᠥᠷ ᠵᠠᠰᠠᠭ | ᠲᠠᠷᠬᠠᠭᠠᠭᠰᠠᠨ ︹2022︺ 34 ᠳ᠋ᠦ᠋ᠭᠡᠷ ᠲᠣᠭᠠᠲᠤ︶ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ | ᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠲᠣᠭᠲᠠᠭᠠᠯ︾ ᠤᠨ ᠭᠤᠣᠯ ᠠᠭᠤᠯᠭ᠎ᠠ ︽ᠲᠣᠭᠲᠠᠭᠠᠯ︾ ᠨᠢ ᠰᠢᠯᠵᠢᠭᠦᠯᠦᠨ ᠥᠭᠬᠦ | ᠬᠡᠪᠴᠢᠶ᠎ᠡ ᠠᠴᠠ ᠰᠢᠯᠵᠢᠭᠦᠯᠦᠨ ᠥᠭᠬᠦ ᠴᠤᠪᠤᠷᠠᠯ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠭᠤᠷᠪᠠᠨ | ᠲᠠᠯ᠎ᠠ ᠪᠠᠷ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ | ᠥᠭᠬᠦ᠂ ᠬᠠᠤᠯᠢ ᠲᠣᠭᠲᠠᠭᠠᠯ ᠶᠣᠰᠣᠭᠠᠷ ᠰᠢᠯᠵᠢᠭᠦᠯᠦᠨ ᠠᠪᠬᠤ ᠬᠡᠪᠴᠢᠶ᠎ᠡ ᠶᠢ ᠲᠣᠳᠣᠷᠬᠠᠶᠢᠯᠠᠬᠤ᠂ ᠲᠥᠷᠥᠯ | ᠬᠤᠪᠢᠶᠠᠨ ᠰᠢᠯᠵᠢᠭᠦᠯᠦᠨ ᠥᠭᠬᠦ ᠲᠥᠰᠥᠯ ᠢ ᠳᠤᠷᠠᠳᠬᠤ᠂ ᠨᠡᠭᠦᠷᠡᠰᠦ ᠦᠭᠡᠢ ᠣᠷᠣᠨ ᠤ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ | ᠴᠤᠪᠤᠷᠠᠯ ᠢ ᠵᠢᠷᠤᠮᠵᠢᠭᠤᠯᠬᠤ᠂ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠤᠨ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ | ᠴᠤᠪᠤᠷᠠᠯ ᠢ ᠵᠢᠷᠤᠮᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ᠂ ᠠᠶᠢᠮᠠᠭ ᠬᠤᠲᠠ ᠶᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠡᠷᠭᠡ ᠲᠤᠯᠤᠭᠠᠨ ᠵᠤᠷᠪᠤᠰ | ᠪᠣᠳᠠᠲᠠᠢ ᠲᠣᠭᠲᠠᠭᠠᠯ ᠢ ᠳᠤᠷᠠᠳᠤᠨ ᠭᠠᠷᠭᠠᠪᠠ᠃ ︽ᠳᠥᠷᠪᠡᠨ ᠵᠠᠷᠴᠢᠮ ᠢ ᠲᠣᠳᠣᠷᠬᠠᠶᠢᠯᠠᠭᠰᠠᠨ︾ ᠨᠢ ᠬᠢᠮᠢ ᠶᠢᠨ | ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠥᠭᠬᠦ ᠬᠡᠪᠴᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠪᠠ᠃ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ | ᠦᠢᠯᠡᠳᠪᠦᠷᠢᠯᠡᠯ ᠢ ᠤᠷᠢᠳ ᠢᠶᠠᠷ ᠪᠠᠲᠤᠯᠠᠬᠤ ᠵᠠᠷᠴᠢᠮ ᠢ ᠲᠣᠳᠣᠷᠬᠠᠶᠢᠯᠠᠵᠤ᠂ ᠬᠢᠮᠢ ᠶᠢᠨ ᠠᠵᠤ ᠦᠢᠯᠡᠳᠪᠦᠷᠢ ᠶᠢᠨ | ᠲᠥᠷᠥᠯ ᠵᠦᠢᠯ ᠤᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠳᠤ ᠨᠡᠶᠢᠴᠡᠭᠰᠡᠨ ᠨᠡᠭᠦᠷᠡᠰᠦᠨ ᠤ ᠡᠬᠢ | ᠪᠠᠶᠠᠯᠢᠭ ᠲᠤ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ | ᠬᠤᠪᠢᠶᠠᠨ ᠰᠢᠯᠵᠢᠭᠦᠯᠦᠨ ᠥᠭᠬᠦ ᠶᠢ ᠬᠡᠷᠡᠭᠵᠢᠭᠦᠯᠦᠨ᠎ᠡ︔ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ | ᠮᠠᠲ᠋ᠧᠷᠢᠶᠠᠯ ᠢ ᠰᠢᠯᠵᠢᠭᠦᠯᠦᠨ ᠠᠪᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠬᠠᠤᠯᠢ ᠲᠣᠭᠲᠠᠭᠠᠯ ᠶᠣᠰᠣᠭᠠᠷ | ᠲᠥᠷᠥᠯ ᠵᠦᠢᠯ ᠤᠨ ᠭᠠᠷᠳᠠᠮ ᠢ ᠣᠯᠣᠭᠰᠠᠨ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠭᠰᠡᠨ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠴᠥᠮ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ | ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠥᠭᠬᠦ ᠬᠦᠷᠢᠶ᠎ᠡ ᠬᠡᠪᠴᠢᠶ᠎ᠡ ᠳᠤ ᠣᠷᠣᠭᠤᠯᠵᠤ ᠪᠣᠯᠣᠨ᠎ᠠ︔ ᠠᠶᠢᠮᠠᠭ | ᠬᠤᠲᠠ ᠶᠢᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠥᠷᠥᠯ ᠬᠤᠪᠢᠶᠠᠨ ᠰᠢᠯᠵᠢᠭᠦᠯᠦᠨ | ᠥᠭᠬᠦ ᠲᠥᠰᠥᠯ ᠢ ᠰᠤᠳᠤᠯᠤᠨ ᠳᠤᠷᠠᠳᠴᠤ᠂ ᠬᠢᠮᠢ ᠶᠢᠨ ᠠᠵᠤ ᠦᠢᠯᠡᠳᠪᠦᠷᠢ ᠶᠢᠨ ᠬᠡᠷᠡᠭᠯᠡᠬᠦ ᠨᠡᠭᠦᠷᠡᠰᠦᠨ ᠤ | ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠨᠡᠭᠦᠷᠡᠰᠦ ᠦᠭᠡᠢ ᠣᠷᠣᠨ᠂ ᠨᠡᠭᠦᠷᠡᠰᠦᠨ ᠤ ᠥᠨᠴᠥᠭ ᠪᠣᠯᠣᠩ ᠤᠨ ᠡᠬᠢ | ᠪᠠᠶᠠᠯᠢᠭ ᠤᠨ ᠨᠠᠷᠢᠨ ᠳᠠᠩᠰᠠ ᠶᠢ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠡᠷᠡᠭᠯᠡᠬᠦ | ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ | ᠲᠦᠯᠡᠰᠢ ᠶᠢᠨ ᠲᠥᠷᠥᠯ ᠪᠠ ᠲᠦᠯᠡᠰᠢ ᠶᠢᠨ ᠪᠤᠰᠤ ᠲᠥᠷᠥᠯ ᠤᠨ ᠲᠥᠷᠥᠯ ᠵᠦᠢᠯ ᠢᠶᠠᠷ ᠢᠯᠭᠠᠨ ᠬᠤᠪᠢᠶᠠᠵᠤ᠂ | ᠲᠦᠯᠡᠰᠢ ᠶᠢᠨ ᠲᠥᠷᠥᠯ᠂ ᠲᠦᠯᠡᠰᠢ ᠶᠢᠨ ᠪᠤᠰᠤ ᠲᠥᠷᠥᠯ ᠵᠢᠴᠢ ᠲᠣᠬᠢᠷᠠᠭᠤᠯᠵᠤ ᠥᠩᠭᠡᠷᠡᠭᠰᠡᠨ ᠦᠭᠡᠢ ᠡᠬᠢ | ᠪᠠᠶᠠᠯᠢᠭ᠂ ᠲᠥᠷᠥᠯ ᠵᠡᠷᠭᠡ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ | ᠲᠣᠭᠲᠠᠭᠠᠵᠤ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠬᠠᠷᠠᠬᠠᠨ | ᠣᠯᠣᠭᠠᠳᠤᠢ ᠲᠥᠷᠥᠯ ᠵᠦᠢᠯ ᠢ ᠤᠷᠢᠳ ᠢᠶᠠᠷ ᠪᠠᠲᠤᠯᠠᠨ᠎ᠠ︔ ᠬᠢᠮᠢ ᠶᠢᠨ ᠠᠵᠤ ᠦᠢᠯᠡᠳᠪᠦᠷᠢ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠨ ᠳᠤ ᠪᠠᠨ ᠬᠠᠩᠭᠠᠵᠤ ᠳᠡᠶᠢᠯᠬᠦ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ | ᠨᠢᠭᠡᠨᠲᠡ ᠣᠯᠣᠭᠰᠠᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠨᠡᠭᠦᠷᠡᠰᠦᠨ ᠤ | ᠡᠬᠢ ᠪᠠᠶᠠᠯᠢᠭ ᠢ ᠳᠠᠭᠢᠵᠤ ᠰᠢᠨ᠎ᠡ ᠪᠠᠷ ᠰᠢᠯᠵᠢᠭᠦᠯᠦᠨ ᠥᠭᠬᠦ ᠦᠭᠡᠢ ᠭᠡᠵᠦ ᠲᠣᠳᠣᠷᠬᠠᠶᠢᠯᠠᠪᠠ᠃ ︽ᠬᠤᠶᠠᠷ | ᠲᠥᠷᠥᠯ ᠤᠨ ᠪᠠᠶᠢᠳᠠᠯ︾ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ | ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠴᠤᠪᠤᠷᠠᠯ ᠢ ᠵᠢᠷᠤᠮᠵᠢᠭᠤᠯᠪᠠ᠃ ᠭᠤᠣᠯᠳᠠᠭᠤ ᠬᠢᠮᠢ ᠶᠢᠨ | ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠨᠡᠭᠦᠷᠡᠰᠦ ᠦᠭᠡᠢ | ᠣᠷᠣᠨ᠂ ᠥᠨᠴᠥᠭ ᠪᠤᠯᠤᠩ ᠤᠨ ᠡᠬᠢ ᠪᠠᠶᠠᠯᠢᠭ ᠢ ᠰᠢᠯᠵᠢᠭᠦᠯᠦᠨ ᠥᠭᠬᠦ ᠠᠵᠢᠯ ᠤᠨ ᠴᠤᠪᠤᠷᠠᠯ ᠢ ᠵᠢᠷᠤᠮᠵᠢᠭᠤᠯᠪᠠ᠃ | ᠰᠠᠭᠤᠭ᠎ᠠ ᠭᠠᠵᠠᠷ ᠤᠨ ᠠᠶᠢᠮᠠᠭ ᠬᠤᠳᠠ ᠶᠢᠨ ᠵᠠᠰᠠᠭ ᠤᠨ ᠵᠠᠬᠢᠷᠭ᠎ᠠ ︵ᠵᠠᠰᠠᠭ ᠤᠨ ᠣᠷᠳᠣᠨ︶ ᠨᠢ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ | ᠲᠥᠰᠥᠯ ᠢ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠨᠧᠷᠭᠢ᠂ ᠠᠵᠤ ᠦᠢᠯᠡᠳᠪᠦᠷᠢ ᠮᠡᠳᠡᠭᠡ ᠵᠠᠩᠭᠢ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠵᠤ᠂ ᠠᠶᠢᠮᠠᠭ ᠬᠤᠳᠠ ᠶᠢᠨ ᠵᠠᠰᠠᠭ ᠵᠠᠬᠢᠷᠭ᠎ᠠ ᠶᠢᠨ ᠲᠥᠷᠥᠯ | ᠬᠤᠪᠢᠶᠠᠨ ᠰᠢᠯᠵᠢᠭᠦᠯᠦᠨ ᠥᠭᠬᠦ ᠲᠥᠰᠥᠯ ᠢ ᠵᠥᠪᠰᠢᠶᠡᠷᠡᠬᠦ ᠡᠰᠡᠬᠦ ᠰᠠᠨᠠᠯ ᠢᠶᠠᠨ ᠳᠤᠷᠠᠳᠤᠨ᠎ᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠨᠡᠭᠦᠷᠡᠰᠦ ᠦᠭᠡᠢ ᠣᠷᠣᠨ ᠢ | ᠲᠥᠷᠥᠯ ᠬᠤᠪᠢᠶᠠᠨ ᠰᠢᠯᠵᠢᠭᠦᠯᠦᠨ ᠥᠭᠬᠦ ᠶᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠥᠪ ᠲᠤ ᠨᠠᠶᠢᠳᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠨᠠᠮᠵᠢ ᠶᠢᠨ ᠦᠨ᠎ᠡ | ᠬᠠᠶᠠᠵᠤ ᠥᠷᠢᠰᠦᠯᠳᠦᠨ ᠬᠤᠳᠠᠯᠳᠤᠨ ᠠᠪᠤᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ | ᠥᠨᠴᠥᠭ ᠪᠣᠯᠣᠩ ᠤᠨ ᠡᠬᠢ ᠪᠠᠶᠠᠯᠢᠭ ᠢ ᠲᠥᠷᠥᠯ ᠬᠤᠪᠢᠶᠠᠨ ᠰᠢᠯᠵᠢᠭᠦᠯᠦᠨ ᠥᠭᠬᠦ ᠶᠢ ᠠᠶᠢᠮᠠᠭ ᠬᠤᠲᠠ ᠳᠤ | ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠳᠠᠯᠢ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠥᠪ ᠲᠤ ᠨᠠᠶᠢᠳᠠᠨ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠤᠨ ᠠᠭᠤᠷᠬᠠᠢ ᠶᠢᠨ | ᠦᠢᠯᠡᠰ ᠤᠨ ᠡᠷᠬᠡ ᠶᠢᠨ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠨᠡᠷ᠎ᠡ ᠳᠤᠷᠠᠳᠤᠨ | ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠰᠠᠨᠠᠮᠵᠢ ᠶᠢᠨ ᠦᠨ᠎ᠡ ᠬᠠᠶᠠᠵᠤ ᠥᠷᠢᠰᠦᠯᠳᠦᠨ ᠬᠤᠳᠠᠯᠳᠤᠨ | ᠠᠪᠤᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠬᠠᠷᠢᠭᠤᠴᠠᠭᠤᠯᠤᠨ᠎ᠠ᠃ ︽ᠬᠤᠶᠠᠷ ᠱᠠᠲᠤ ᠲᠠᠰ︾ ᠨᠢ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠤᠨ ᠨᠡᠭᠦᠷᠡᠰᠦᠨ ᠤ ᠲᠥᠷᠥᠯ ᠵᠦᠢᠯ ᠤᠨ | ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠨᠡᠭᠦᠷᠡᠰᠦᠨ ᠤ ᠠᠭᠤᠷᠬᠠᠢ ᠶᠢᠨ | ᠦᠢᠯᠡᠰ ᠤᠨ ᠡᠷᠬᠡ ᠶᠢᠨ ᠳᠡᠩᠰᠡᠯᠡᠨ ᠲᠡᠮᠳᠡᠭᠯᠡᠬᠦ ᠭᠠᠷᠳᠠᠮ ᠭᠦᠢᠴᠡᠳᠬᠡᠬᠦ ᠶᠢ ᠬᠠᠷᠢᠭᠤᠴᠠᠨ᠎ᠠ᠃ ᠠᠶᠢᠮᠠᠭ ᠬᠤᠲᠠ ᠶᠢᠨ | ᠵᠠᠬᠢᠷᠭ᠎ᠠ ︵ᠵᠠᠰᠠᠭ ᠤᠨ ᠣᠷᠳᠣᠨ︶ ᠠᠴᠠ ᠠᠵᠤ ᠠᠬᠤᠶᠢᠯᠠᠯ ᠤᠨ ᠵᠥᠪᠯᠡᠯᠴᠡᠭᠡᠷ ᠲᠤ ᠪᠣᠯᠵᠣᠨ ᠲᠣᠭᠲᠠᠭᠰᠠᠨ | ᠡᠭᠦᠷᠭᠡ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠦᠭᠦᠬᠡᠢ ᠨᠡᠭᠦᠷᠡᠰᠦ ᠶᠢ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦᠨ ᠤ ᠬᠡᠷᠡᠭᠯᠡᠯᠲᠡ ᠶᠣᠰᠣᠭᠠᠷ ᠬᠠᠮᠢᠶᠠᠷᠤᠨ | ᠬᠡᠷᠡᠭᠯᠡᠵᠦ᠂ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠢ ᠨᠢᠭᠡᠨᠲᠡ ᠪᠠᠶᠢᠭᠤᠯᠤᠭᠰᠠᠨ ᠠᠭᠤᠷᠬᠠᠢ ᠮᠠᠯᠲᠠᠬᠤ | ᠡᠷᠬᠡ ᠯᠦᠭᠡ ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ ᠶᠢ ᠦᠨᠡᠨ ᠬᠦ ᠪᠠᠲᠤᠯᠠᠨ᠎ᠠ᠃ | ᠭᠤᠷᠪᠠ᠂ ︽ᠲᠣᠭᠲᠠᠭᠠᠯ︾ ᠤᠨ ᠲᠣᠪᠤᠶᠢᠮ᠎ᠠ ᠣᠨᠴᠠᠯᠢᠭ ︽ᠲᠣᠭᠲᠠᠭᠠᠯ︾ ᠨᠢ ᠮᠠᠨ ᠤ ᠣᠷᠣᠨ ᠤ | ᠪᠣᠳᠠᠲᠠᠢ ᠲᠠᠢ ᠨᠢᠭᠲᠠ ᠤᠶᠠᠯᠳᠤᠭᠤᠯᠤᠨ᠂ ᠭᠤᠷᠪᠠᠨ ᠲᠠᠯ᠎ᠠ ᠶᠢᠨ ᠲᠣᠪᠤᠶᠢᠮ᠎ᠠ ᠣᠨᠴᠠᠯᠢᠭ ᠲᠠᠢ ᠶᠤᠮ᠃ ᠨᠢᠭᠡ ᠳᠤ᠂ | ᠦᠨᠡᠨ ᠪᠣᠳᠠᠲᠠᠢ ᠬᠠᠮᠢᠶᠠᠷᠴᠤ ᠬᠡᠷᠡᠭᠯᠡᠬᠦ ᠵᠠᠷᠴᠢᠮ ᠢ ᠪᠠᠷᠢᠮᠲᠠᠯᠠᠨ᠂ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ | ᠬᠠᠮᠢᠶᠠᠷᠤᠯᠲᠠ ᠶᠢᠨ ᠳᠦᠷᠢᠮ︾ ᠳᠤ ᠬᠦᠳᠡᠯᠭᠡᠬᠦ ᠬᠦᠴᠦᠨ ᠤ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ ᠶᠢᠨ | ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠵᠡᠷᠭᠡ ᠨᠡᠭᠦᠷᠡᠰᠦᠨ ᠤ ᠠᠭᠤᠷᠬᠠᠢ ᠶᠢᠨ ᠦᠢᠯᠡᠰ ᠤᠨ ᠡᠷᠬᠡ ᠶᠢ | ᠲᠥᠷᠥᠯ ᠬᠤᠪᠢᠶᠠᠨ ᠰᠢᠯᠵᠢᠭᠦᠯᠦᠨ ᠥᠭᠬᠦ ᠳᠦᠷᠢᠮ ᠢ ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠲᠦᠯᠡᠰᠢ ᠶᠢᠨ ᠲᠥᠷᠥᠯ ᠪᠠ ᠲᠦᠯᠡᠰᠢ ᠶᠢᠨ ᠪᠤᠰᠤ | ᠲᠥᠷᠥᠯ ᠤᠨ ᠲᠥᠷᠥᠯ ᠵᠦᠢᠯ ᠬᠡᠮᠡᠨ ᠢᠯᠭᠠᠨ ᠬᠤᠪᠢᠶᠠᠵᠤ᠂ ᠲᠦᠯᠡᠰᠢ ᠶᠢᠨ ᠲᠥᠷᠥᠯ᠂ ᠲᠦᠯᠡᠰᠢ ᠶᠢᠨ ᠪᠤᠰᠤ | ᠲᠥᠷᠥᠯ ᠵᠢᠴᠢ ᠲᠣᠬᠢᠷᠠᠭᠤᠯᠵᠤ ᠥᠩᠭᠡᠷᠡᠭᠰᠡᠨ ᠦᠭᠡᠢ ᠡᠬᠢ ᠪᠠᠶᠠᠯᠢᠭ ᠤᠨ ᠲᠥᠷᠥᠯ ᠵᠡᠷᠭᠡ ᠪᠠᠶᠢᠳᠠᠯ ᠢ ᠦᠨᠳᠦᠰᠦᠯᠡᠨ | ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠢ ᠲᠣᠭᠲᠠᠭᠠᠵᠠᠢ᠃ ᠬᠤᠶᠠᠷ ᠲᠤ᠂ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠢ ᠤᠷᠢᠳ ᠢᠶᠠᠷ ᠪᠠᠲᠤᠯᠠᠵᠤ᠂ ᠰᠠᠨᠠᠮᠵᠢ ᠶᠢᠨ ᠥᠷᠢᠰᠦᠯᠳᠦᠨ ᠬᠤᠳᠠᠯᠳᠤᠨ ᠠᠪᠬᠤ | ᠠᠵᠤ ᠠᠬᠤᠶᠢᠯᠠᠯ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ | ᠰᠢᠯᠵᠢᠭᠦᠯᠦᠨ ᠥᠭᠬᠦ ᠬᠡᠪᠴᠢᠶᠡᠨ ᠳᠤ ᠨᠡᠶᠢᠴᠡᠭᠰᠡᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠠᠵᠤ | ᠠᠬᠤᠶᠢᠯᠠᠯ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠵᠠᠢ︔ ᠪᠠᠰᠠ ᠪᠡᠯᠡ ᠨᠡᠶᠢᠯᠡᠭᠦᠯᠦᠭᠰᠡᠨ ᠺᠣᠮᠫᠠᠨᠢ ᠶᠢ ᠵᠣᠬᠢᠶᠠᠨ | ᠪᠠᠶᠢᠭᠤᠯᠵᠤ ᠥᠷᠢᠰᠦᠯᠳᠦᠨ ᠬᠤᠳᠠᠯᠳᠤᠨ ᠠᠪᠬᠤ ᠳᠤ ᠣᠷᠣᠯᠴᠠᠭᠤᠯᠤᠭᠰᠠᠨ ᠴᠤ ᠪᠣᠯᠣᠨ᠎ᠠ᠂ ᠡᠭᠦᠨ ᠤ ᠳᠣᠲᠣᠷᠠᠬᠢ | ᠨᠢᠭᠡ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ | ᠠᠪᠬᠤ ᠬᠡᠪᠴᠢᠶᠡᠨ ᠳᠤ ᠨᠡᠶᠢᠴᠡᠭᠰᠡᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠠᠵᠤ ᠠᠬᠤᠶᠢᠯᠠᠯ | ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠵᠠᠢ︔ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ | ᠬᠢᠭᠡᠳ ᠨᠡᠭᠦᠷᠡᠰᠦᠨ ᠤ ᠥᠨᠴᠥᠭ ᠪᠤᠯᠤᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠭᠤᠣᠯ ᠴᠣᠭᠴᠠ ᠯᠤᠭ᠎ᠠ | ᠬᠤᠷᠰᠢᠨ ᠡᠵᠡᠩᠨᠡᠬᠦ ᠶᠢ ᠳᠡᠮᠵᠢᠵᠦ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ | ᠨᠡᠭᠦᠷᠡᠰᠦ ᠶᠢ ᠣᠯᠬᠤ ᠶᠢ ᠳᠡᠮᠵᠢᠨ᠎ᠡ᠃ ᠭᠤᠷᠪᠠ ᠳᠤ᠂ ᠲᠥᠷᠥᠯ ᠵᠦᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠷᠢᠰᠦᠯᠳᠦᠨ | ᠣᠯᠣᠭᠴᠢ ᠲᠠᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠢᠮᠢ ᠶᠢᠨ | ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠤᠨ ᠨᠡᠭᠦᠷᠡᠰᠦ ᠶᠢ ᠦᠢᠯᠡᠳᠪᠦᠷᠢᠯᠡᠵᠦ ᠪᠣᠷᠣᠯᠠᠭᠤᠯᠬᠤ ᠵᠥᠪᠯᠡᠯᠴᠡᠭᠡᠷ | ᠲᠣᠭᠲᠠᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠳᠤ ᠣᠷᠣᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ | ᠪᠦᠲᠦᠭᠡᠨ ᠪᠠᠶᠢᠭᠤᠯᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ᠂ ᠴᠣᠬᠤᠯᠠᠪᠤᠷᠢᠯᠠᠬᠤ | ᠂ ᠳᠠᠩᠰᠠᠯᠠᠬᠤ᠂ ᠲᠡᠮᠳᠡᠭᠯᠡᠬᠦ ᠵᠡᠷᠭᠡ ᠭᠠᠷᠳᠠᠮ ᠢ ᠲᠦᠷ ᠬᠤᠶᠢᠰᠢᠯᠠᠭᠤᠯᠤᠨ ᠭᠦᠢᠴᠡᠳᠬᠡᠵᠦ᠂ ᠬᠤᠭᠤᠴᠠᠭ᠎ᠠ | ᠬᠡᠲᠦᠷᠡᠭᠰᠡᠨ ᠪᠠᠶᠢᠲᠠᠯ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠦᠭᠡᠢ ᠪᠠᠶᠢᠪᠠᠯ᠂ | ᠥᠪᠡᠷᠲᠡᠭᠡᠨ ᠵᠠᠰᠠᠬᠤ ᠣᠷᠣᠨ ᠠᠴᠠ ᠰᠢᠯᠵᠢᠭᠦᠯᠦᠨ ᠥᠭᠬᠦ ᠠᠭᠤᠷᠬᠠᠢ ᠶᠢᠨ ᠦᠢᠯᠡᠰ ᠤᠨ ᠡᠷᠬᠡ ᠶᠢ ᠬᠤᠷᠢᠶᠠᠨ | ᠠᠪᠬᠤ ᠶᠢᠨ ᠬᠠᠮᠲᠤ ᠨᠢᠭᠡᠨᠲᠡ ᠲᠤᠰᠢᠶᠠᠭᠰᠠᠨ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠭᠦᠭᠰᠡᠨ | ᠠᠰᠢᠭ ᠣᠯᠵᠠᠪᠤᠷᠢ ᠶᠢ ᠪᠤᠴᠠᠭᠠᠨ᠎ᠠ︔ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ | ᠨᠡᠭᠦᠷᠡᠰᠦᠨ ᠤ ᠬᠡᠷᠡᠭᠯᠡᠯᠲᠡ ᠬᠠᠮᠢᠶᠠᠷᠤᠯᠲᠠ᠂ ᠨᠢᠭᠡᠨᠲᠡ ᠪᠠᠶᠢᠭᠤᠯᠤᠭᠰᠠᠨ ᠠᠭᠤᠷᠬᠠᠢ ᠮᠠᠯᠲᠠᠬᠤ ᠡᠷᠬᠡ ᠶᠢ ᠡᠮᠬᠢᠯᠡᠨ | ᠨᠡᠶᠢᠯᠡᠭᠦᠯᠵᠦ ᠨᠡᠭᠡᠭᠡᠨ ᠠᠰᠢᠭᠯᠠᠬᠤ ᠵᠦᠢᠯᠡᠰ ᠵᠢᠴᠢ ᠭᠡᠷ᠎ᠡ ᠠᠴᠠ ᠵᠥᠷᠢᠴᠡᠭᠰᠡᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ | ᠲᠣᠳᠣᠷᠬᠠᠶᠢᠯᠠᠪᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | |