ᠺᠠᠩ ᠬᠠᠶ ᠷᠦᠢ ᠴᠠᠭᠠᠨ ᠰᠠᠷ᠎ᠠ ᠶᠢᠨ ᠬᠤᠭᠤᠴᠠᠭᠠᠨ ᠳᠤ  ᠡᠮᠦᠨ᠎ᠡ  ᠹᠷᠣᠨᠲ ᠤᠨ ᠠᠵᠢᠯ ᠤᠨ ᠪᠠᠶᠢᠷᠢ ᠶᠢ ᠪᠠᠲᠤ ᠰᠠᠬᠢᠵᠤ ᠪᠠᠶᠢᠭ᠎ᠠ ᠠᠵᠢᠯᠲᠠᠳ ᠢ  ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2023/1/25
     1 ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠦᠨ ᠵᠤᠵᠠᠭᠠᠨ ᠬᠠᠯᠠᠮᠵᠢᠯᠠᠯ ᠢ ᠠᠪᠴᠤ᠂ ᠴᠠᠭᠠᠨ ᠰᠠᠷ᠎ᠠ ᠶᠢᠨ ᠬᠤᠭᠤᠴᠠᠭᠠᠨ ᠳᠤ ᠡᠮᠦᠨ᠎ᠡ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠦᠡᠭᠨᠡᠯ ᠳᠡᠪᠰᠢᠭᠦᠯᠬᠦ ᠶᠢᠨ ᠬᠠᠮᠲᠤ ᠲᠡᠳᠡᠨ ᠢᠶᠠᠷ ᠳᠠᠮᠵᠢᠭᠤᠯᠤᠨ ᠪᠥᠬᠦ  ᠲᠤᠭᠤᠷᠢᠭ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠦᠨ᠎ᠡ ᠹᠷᠣᠨᠲ ᠤᠨ ᠺᠠᠳ᠋ᠷ ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠮᠡᠨᠳᠦᠴᠢᠯᠡᠯ ᠳᠡᠪᠰᠢᠭᠦᠯᠪᠡ᠃      ᠢᠯᠴᠢ ᠬᠠᠩᠭᠠᠬᠤ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠨᠢᠭᠲᠠ ᠬᠤᠯᠪᠣᠭᠳᠠᠵᠤ ᠪᠠᠶᠢᠳᠠᠭ᠃ ᠺᠠᠩ ᠬᠠᠶ ᠷᠦᠢ ᠤᠯᠠᠭᠠᠨᠴᠠᠪ ᠬᠤᠲᠠ ᠶᠢᠨ ᠵᠢᠩ ᠨᠢᠩ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ 3 ᠳ᠋ᠤᠭᠠᠷ ᠨᠣᠮᠧᠷᠲᠤ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠪᠣᠯᠤᠨ 4  ᠳ᠋ᠦ᠋ᠭᠡᠷ ᠨᠣᠮᠧᠷᠲᠤ ᠮᠠᠰᠢᠨ ᠴᠣᠭᠴᠠᠯᠠᠪᠤᠷᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠤ  ᠵᠢᠵᠢᠭᠦᠷᠯᠡᠨ ᠰᠠᠬᠢᠬᠤ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠥᠷᠭᠡᠨ ᠤᠯᠠᠨ  ᠠᠵᠢᠯᠳᠠᠨ ᠠᠵᠢᠯᠴᠢᠨ ᠬᠠᠷᠢᠭᠤᠴᠠᠯᠭ᠎ᠠ ᠶᠢᠨ ᠤᠬᠠᠮᠰᠠᠷ ᠪᠣᠯᠤᠨ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠪᠦᠬᠦ  ᠲᠤᠭᠤᠷᠢᠭ ᠤᠨ ᠠᠷᠠᠳ ᠤᠯᠠᠨ ᠤ ᠬᠠᠯᠠᠭᠤᠨ ᠳᠤᠯᠠᠭᠠᠨ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠺᠠᠩ ᠬᠠᠢ ᠷᠦᠢ  ᠵᠢᠨᠢᠩ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠲᠤ  ᠬᠦᠷᠴᠦ᠂ ᠤᠯᠠᠨ ᠢᠶᠠᠷ ᠢᠶᠠᠨ ᠰᠢᠨ᠎ᠡ ᠨᠢᠭᠡ ᠵᠢᠯ ᠳᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠨᠡᠩ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠮᠠᠨ ᠤ  ᠲᠤᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ  ᠭᠡᠵᠡᠢ᠃     ᠲᠣᠭᠤᠷᠢᠭ ᠤᠨ ᠤᠳᠤᠷᠢᠳᠤᠯᠭ᠎ᠠ ᠵᠠᠩ ᠵᠧ ᠬᠤᠢ᠂ ᠱᠧᠨ ᠢᠦᠢ ᠰᠢᠶᠠᠩ ᠲᠣᠬᠤᠨᠢᠭᠤᠯᠬᠤ ᠳᠤ ᠣᠷᠣᠯᠴᠠᠪᠠ᠃                      ᠵᠢᠷᠤᠭ᠄ ᠴᠢᠶᠤᠤ ᠮᠢᠨ                      ᠤᠷᠴᠢᠭᠤᠯᠤᠭᠴᠢ᠄ ᠴᠢᠶᠤᠤ ᠮᠢᠨ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2