| | | | | | | 1 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ | ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠵᠦᠶᠯᠡᠰ ᠤᠨ ᠡᠯᠧᠮᠧᠨ᠋ᠲ ᠤᠨ ᠪᠠᠲᠤᠯᠠᠭ᠎ᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠲᠣᠬᠢᠷᠠᠭᠤᠯᠵᠤ ᠪᠠᠶᠢᠷᠢᠯᠠᠭᠤᠯᠪᠠ᠃ | ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ ᠠᠵᠢᠯ ᠤᠨ | ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠪᠢᠩ᠂ ᠵᠢᠨᠢᠩ ᠲᠣᠭᠤᠷᠢᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ | ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ ᠠᠵᠢᠯ ᠤᠨ | ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠶᠢᠨ ᠠᠵᠢᠯ ᠤᠨ ᠬᠠᠷᠢᠶ᠎ᠠ ᠶᠢᠨ ᠱᠦᠵᠢ ᠯᠢᠦ ᠵᠢᠶᠦ᠋ᠨ ᠫᠢᠩ᠂ | ᠲᠣᠭᠤᠷᠢᠭ ᠤᠨ ᠤᠳᠤᠷᠢᠳᠤᠯᠭ᠎ᠠ ᠵᠠᠩ ᡁᠢ ᠷᠦᠩ᠂ ᠶᠠᠩ ᠶᠦᠩ᠂ ᠱᠢ ᠭᠤᠸᠠᠩ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠦᠶᠯᠡᠴᠢᠯᠡᠭᠡ ᠪᠠᠲᠤᠯᠠᠭ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ | ᠵᠦᠶᠯ ᠢ ᠦᠨᠡᠨ ᠬᠦ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠭᠤᠤᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ | ᠰᠢᠶᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠪᠠᠨ ᠪᠦᠲᠦᠮᠵᠢᠲᠡᠶ ᠪᠠᠷ ᠳᠡᠭᠡᠭᠰᠢᠯᠡᠭᠦᠯᠬᠦ ᠬᠡᠷᠡᠭᠲᠡᠶ᠃ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ | ᠲᠣᠭᠤᠷᠢᠭ ᠤᠨ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ ᠬᠥᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ᠃ ᠤᠷᠢᠳᠴᠢᠯᠠᠨ ᠰᠤᠳᠤᠯᠤᠨ ᠰᠦᠪᠡᠭᠴᠢᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠤᠨ ᠡᠭᠦᠷᠭᠡ ᠶᠢ ᠲᠦᠷᠭᠡᠨ ᠳᠠᠭᠠᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠡᠷᠬᠡᠪᠰᠢ ᠪᠦᠬᠦ | ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠠᠩᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ | ᠵᠦᠢᠯ ᠢ ᠨᠠᠶᠢᠳᠠᠪᠤᠷᠢᠵᠢᠭᠤᠯᠤᠨ ᠰᠢᠨ᠎ᠡ ᠰᠢᠪᠲᠤᠯᠤᠯᠲᠠ᠂ ᠰᠢᠨ᠎ᠡ ᠠᠬᠢᠴᠠ ᠲᠠᠢ ᠪᠣᠯᠭᠠᠬᠤ ᠶᠢ ᠥᠨᠳᠥᠷ ᠪᠦᠲᠦᠮᠵᠢᠲᠡᠢ | ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ | ᠵᠢᠷᠤᠭ᠄ ᠭᠦᠸᠧ ᠸᠧᠨ ᠵᠢᠶᠧ | ᠤᠷᠴᠢᠭᠤᠯᠤᠭᠴᠢ᠄ ᠲᠤᠶᠠᠭ᠎ᠠ | | | |