ᠵᠢᠨᠢᠩ ᠲᠣᠭᠤᠷᠢᠭ ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ — ᠬᠦᠷᠢᠶᠡᠯᠡᠩ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠪᠤᠷᠢ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ
ᠨᠡᠶᠢᠲᠡᠯᠡᠭᠰᠡᠨ ᠴᠠᠭ᠄
2023/1/29
705470.jpg
    1 ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠦᠶᠯᠡᠰ ᠤᠨ ᠡᠯᠧᠮᠧᠨ᠋ᠲ ᠤᠨ ᠪᠠᠲᠤᠯᠠᠭ᠎ᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠲᠣᠬᠢᠷᠠᠭᠤᠯᠵᠤ ᠪᠠᠶᠢᠷᠢᠯᠠᠭᠤᠯᠪᠠ᠃    ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠪᠢᠩ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ᠂ ᠴᠠᠬᠠᠷ  ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠶᠢᠨ ᠠᠵᠢᠯ ᠤᠨ  ᠬᠠᠷᠢᠶ᠎ᠠ ᠶᠢᠨ ᠱᠦᠵᠢ ᠯᠢᠦ ᠵᠢᠶᠦ᠋ᠨ ᠫᠢᠩ᠂ ᠲᠣᠭᠤᠷᠢᠭ ᠤᠨ ᠤᠳᠤᠷᠢᠳᠤᠯᠭ᠎ᠠ ᠵᠠᠩ ᡁᠢ ᠷᠦᠩ᠂ ᠶᠠᠩ ᠶᠦᠩ᠂ ᠱᠢ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠶᠯᠡᠴᠢᠯᠡᠭᠡ ᠪᠠᠲᠤᠯᠠᠭ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠦᠨᠡᠨ ᠬᠦ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠪᠠᠨ ᠪᠦᠲᠦᠮᠵᠢᠲᠡᠶ ᠪᠠᠷ ᠳᠡᠭᠡᠭᠰᠢᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ ᠬᠥᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠤᠷᠢᠳᠴᠢᠯᠠᠨ ᠰᠤᠳᠤᠯᠤᠨ ᠰᠦᠪᠡᠭᠴᠢᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠡᠭᠦᠷᠭᠡ ᠶᠢ ᠲᠦᠷᠭᠡᠨ ᠳᠠᠭᠠᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠡᠷᠬᠡᠪᠰᠢ ᠪᠦᠬᠦ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠠᠩᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠰᠢᠨ᠎ᠡ ᠰᠢᠪᠲᠤᠯᠤᠯᠲᠠ᠂ ᠰᠢᠨ᠎ᠡ ᠠᠬᠢᠴᠠ ᠲᠠᠢ ᠪᠣᠯᠭᠠᠬᠤ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃                           ᠵᠢᠷᠤᠭ᠄ ᠭᠦᠸᠧ ᠸᠧᠨ ᠵᠢᠶᠧ                           ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2