ᠺᠠᠩ ᠬᠠᠶ ᠷᠦᠢ ᠵᠢᠨᠢᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/11
705470.jpg   
    10 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠵᠢᠨᠢᠩ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠵᠢᠨᠢᠩ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ  ᠲᠤᠭᠤᠷᠢᠭ ᠎ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠦᠴᠢᠷ ᠢ ᠲᠤᠭᠤᠯᠤᠨ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠥᠷᠥᠯ ᠵᠦᠶᠯ ᠤᠨ ᠲᠥᠷᠥᠯ ᠬᠤᠪᠢᠶᠠᠭᠰᠠᠨ ᠬᠠᠮᠢᠶᠠᠷᠤᠯᠲᠠ ᠶᠢ ᠴᠢᠩᠭᠠᠳᠬᠠᠨ ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠶᠢ ᠲᠣᠳᠣᠷᠬᠠᠶ ᠪᠣᠯᠭᠠᠵᠤ᠂ ᠠᠵᠢᠯ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠲᠣᠬᠢᠷᠠᠭᠤᠯᠤᠯᠲᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠳᠠᠭᠠᠭᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠥᠷᠥᠯ ᠵᠦᠶᠯ ᠢ ᠠᠬᠢᠭᠤᠯᠬᠤ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠲᠥᠷᠥᠯ ᠵᠦᠶᠯ ᠳᠤ ᠦᠨᠡᠨ ᠬᠦ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠦᠶᠯᠡᠴᠢᠯᠡᠭᠡ ᠬᠠᠩᠭᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠮᠠᠨ ᠤ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃    ᠶᠤᠤ ᠬᠠᠢ ᠮᠢᠩ᠂ ᠸᠠᠩ ᠯᠢ ᠰᠢᠨ᠂ ᠶᠠᠩ ᠶᠦᠩ᠂ ᠱᠢ ᠭᠤᠸᠠᠩ᠂ ᠯᠢ ᠺᠦᠨ᠂ ᠾᠧ ᠷᠦᠨ ᠭᠧᠨ ᠬᠤᠷᠠᠯ ᠳᠤ ᠣᠷᠣᠯᠴᠠᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2