ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/10/11
    10 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠰᠢᠶᠳᠪᠦᠷᠢᠯᠡᠪᠡ᠃    ᠬᠤᠷᠠᠯ ᠠᠴᠠ ᠤᠶᠢᠷ᠎ᠠ ᠶᠢᠨ ᠬᠤᠭᠤᠴᠠᠭᠠᠨ ᠳᠤ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠎ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠡᠯ᠎ᠡ ᠳᠠᠭᠠᠭᠠᠴᠢᠯᠠᠯᠲᠠ ᠶᠢᠨ ᠬᠤᠯᠪᠣᠭ᠎ᠠ ᠶᠢᠨ ᠤᠳᠤᠷᠢᠳᠤᠯᠭ᠎ᠠ ᠨᠠᠷ ᠳᠠᠭᠠᠭᠠᠴᠢᠯᠠᠯᠲᠠ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠲᠤᠰ ᠲᠤᠰ ᠬᠠᠷᠢᠭᠤ ᠮᠡᠳᠡᠭᠦᠯᠦᠯᠲᠡ ᠬᠢᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢᠶᠠᠷ᠂ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠦᠨᠳᠦᠰᠦᠯᠡᠨ ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠠᠵᠢᠯ ᠤᠨ ᠬᠤᠭᠤᠴᠠᠭ᠎ᠠ ᠶᠢ ᠪᠠᠭᠠᠰᠬᠠᠵᠤ᠂ ᠤᠯᠠᠨ ᠲᠦᠮᠡᠨ ᠢ ᠡᠷᠲᠡᠬᠡᠨ ᠰᠢᠨ᠎ᠡ ᠭᠡᠷ ᠲᠤ ᠰᠠᠭᠤᠯᠭᠠᠬᠤ ᠬᠡᠷᠡᠭᠲᠡᠢ᠃ ᠡᠯ᠎ᠡ ᠠᠵᠢᠯ ᠤᠨ ᠲᠤᠰᠬᠠᠶ ᠠᠩᠭᠢ ᠶᠢᠨ ᠬᠢᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠠᠵᠢᠯ ᠢᠶᠠᠨ ᠨᠢᠭᠡ ᠬᠥᠯᠭᠡ ᠰᠢᠲᠠᠷ᠎ᠠ ᠪᠣᠯᠭᠠᠨ᠂ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ᠂ ᠠᠰᠠᠭᠤᠳᠠᠯ ᠢ ᠰᠢᠶᠳᠪᠦᠷᠢᠯᠡᠬᠦ ᠵᠥᠪ ᠠᠷᠭ᠎ᠠ ᠵᠠᠮ ᠪᠠ ᠠᠷᠭ᠎ᠠ ᠶᠢ ᠣᠨᠣᠪᠴᠢᠲᠠᠶ ᠡᠵᠡᠮᠳᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠢᠶᠳᠪᠦᠷᠢᠯᠡᠬᠦ ᠬᠡᠷᠡᠭᠲᠡᠶ᠃    ᠡᠯ᠎ᠡ ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2