ᠵᠠᠩ ᠶᠦᠩ ᠸᠧᠨ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/16
705470.jpg
    10 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃     ᠵᠠᠩ ᠶᠦᠩ ᠸᠧᠨ ᠤᠷᠢᠳ ᠬᠤᠵᠢᠳ ᠳ᠋ᠠ ᠾᠧ ᠸᠠᠨ ᠴᠠᠰᠤᠨ ᠳᠤ ᠭᠤᠯᠭᠤᠬᠤ ᠲᠠᠯᠠᠪᠠᠢ᠂  ᠴᠠᠬᠠᠷ ᠴᠠᠰᠤᠨ ᠳᠤ ᠭᠤᠯᠭᠤᠬᠤ ᠲᠠᠯᠠᠪᠠᠢ᠂ ᠤᠯᠠᠭᠠᠨᠴᠠᠪ ᠬᠤᠳᠠ ᠶᠢᠨ ᠮᠥᠰᠥᠨ ᠳᠤ ᠭᠤᠯᠭᠤᠬᠤ ᠣᠷᠳᠣᠨ ᠳᠤ ᠬᠦᠷᠴᠦ᠂ ᠣᠷᠳᠣᠨ ᠤ ᠪᠦᠳᠦᠭᠡᠨ ᠪᠠᠶᠢᠭᠤᠯᠤᠯᠲᠠ ᠡᠵᠡᠩᠨᠡᠯᠲᠡ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠬᠦᠭᠡᠷᠦᠮᠵᠢ ᠨᠢᠭᠡᠪᠦᠷᠢ ᠶᠢᠨ ᠪᠦᠳᠦᠭᠡᠨ ᠪᠠᠶᠢᠭᠤᠯᠤᠯᠲᠠ᠂ ᠠᠵᠢᠯᠯᠠᠭᠠᠨ ᠤ ᠲᠦᠷᠦᠯ ᠵᠦᠢᠯ᠂ ᠡᠵᠡᠩᠨᠡᠯᠲᠡ ᠶᠢᠨ ᠵᠠᠭᠪᠤᠷ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠳᠡᠭᠡᠷ᠎ᠡ᠂ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠡᠷᠡ  ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠰᠦᠯ ᠢᠶᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠠᠭᠤᠯᠭ᠎ᠠ ᠪᠠᠨ ᠪᠠᠶᠠᠯᠢᠭᠵᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠡᠯ᠎ᠡ ᠵᠦᠢᠯ ᠤᠨ ᠪᠡᠯᠡᠳᠬᠡᠯ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠃ ᠵᠠᠮ ᠳᠠᠭᠠᠤ ᠵᠢᠴᠢ ᠲᠠᠯᠠᠪᠠᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠲᠤᠬᠠᠢ ᠶᠢᠨ ᠴᠠᠭ ᠤᠨ ᠪᠠᠶᠢᠳᠠᠯ ᠳᠤᠨᠢ ᠲᠤᠬᠢᠷᠠᠭᠤᠯᠤᠨ ᠡᠪᠦᠯ ᠤᠨ ᠤᠯᠠᠷᠢᠯ ᠤᠨ ᠦᠵᠡᠮᠵᠢ ᠶᠢ ᠪᠠᠶᠢᠷᠢᠯᠠᠭᠤᠯᠬᠤ ᠪᠠ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠥᠷᠨᠢᠭᠦᠯᠵᠦ᠂ ᠠᠯᠪᠠᠨ ᠤ ᠵᠠᠭᠤᠴᠢᠯᠠᠭᠤᠷ ᠪᠣᠯᠤᠨ ᠲᠢᠭ᠋ ᠲᠤᠭ᠂ ᠬᠤᠷᠳᠤᠨ ᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠵᠤ᠂ ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠣᠯᠭᠠᠵᠤ᠂ ᠣᠷᠣᠯᠴᠠᠬᠤ  ᠬᠡᠮᠵᠢᠶ᠎ᠡ᠂ ᠪᠦᠷᠬᠦᠴᠡ ᠶᠢᠨ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠵᠤᠭᠠᠴᠠᠯ ᠤᠨ ᠨᠥᠯᠥᠭᠡᠯᠡᠬᠦ ᠬᠦᠴᠦᠨ ᠪᠣᠯᠤᠨ ᠲᠠᠲᠠᠬᠤ ᠬᠦᠴᠦᠨ ᠢ ᠴᠢᠨᠠᠭᠰᠢᠳᠠ ᠥᠷᠭᠡᠳᠬᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠵᠤ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠤᠨ ᠳᠡᠭᠡᠳᠦ ᠲᠤᠤᠷᠠᠳᠤ ᠱᠠᠳᠤ ᠶᠢ ᠵᠣᠯᠭᠠᠭᠤᠯᠬᠤ᠂ ᠵᠡᠭᠦᠨ ᠪᠠᠷᠠᠭᠤᠨ ᠣᠷᠣᠨ ᠢ ᠬᠤᠯᠪᠣᠯᠳᠤᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠳᠡᠵᠦ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃    ᠯᠢ ᠵᠢᠩ᠂ ᠵᠠᠩ ᡁᠢ ᠷᠦᠩ᠂ ᠯᠢ ᠯᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃                        ᠵᠢᠷᠤᠭ᠄ ᠴᠢᠶᠤᠤ ᠮᠢᠨ                        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2